ᠣᠶᠢᠷ᠎ᠠ ᠶᠢᠨ ᠵᠢᠯ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠪᠡᠭᠡᠵᠢᠩ ᠥᠪᠥᠷ ᠮᠣᠩᠭᠤᠯ ᠤᠨ | ᠬᠠᠮᠵᠢᠯᠴᠠᠭᠠᠨ ᠤ ᠪᠠᠯᠠ ᠮᠥᠩᠭᠦ ᠶᠢ ᠢᠳᠡᠪᠬᠢᠲᠡᠶ ᠵᠣᠬᠢᠴᠠᠭᠤᠯᠵᠤ᠂ ᠬᠤᠵᠢᠷᠯᠢᠭ ᠭᠠᠵᠠᠷ ᠪᠠ ᠠᠲᠠᠷ ᠭᠠᠵᠠᠷ ᠢ | ᠠᠰᠢᠭᠯᠠᠨ ᠬᠢᠶᠠᠭ ᠡᠪᠡᠰᠦ ᠲᠠᠷᠢᠵᠤ᠂ 2023 ᠣᠨ ᠤ ᠡᠴᠦᠰ ᠪᠤᠯᠳᠠᠯ᠎ᠠ ᠳᠠᠷᠢᠬᠤ ᠲᠠᠯᠠᠪᠠᠶ ᠨᠢ 23000 ᠮᠥ | ᠬᠥᠷᠪᠡ᠃ | 7 ᠰᠠᠷ᠎ᠠ ᠶᠢᠨ ᠳᠤᠮᠳᠠᠴᠢ ᠪᠠᠷ᠂ ᠲᠠᠯ᠎ᠠ ᠨᠤᠲᠤᠭ ᠨᠣᠮᠢᠨ ᠲᠠᠪᠠᠯᠭᠠᠨ ᠬᠠᠶᠠᠯᠠᠵᠤ᠂ ᠶᠠᠭ ᠰᠠᠶ᠋ᠢᠬᠠᠨ ᠬᠢᠶᠠᠭ | ᠡᠪᠡᠰᠦ ᠬᠠᠳᠤᠬᠤ ᠤᠯᠠᠷᠢᠯ ᠪᠤᠯᠤᠭᠰᠠᠨ ᠪᠠᠶᠢᠨ᠎ᠠ᠃ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠪᠡᠭᠡᠵᠢᠩ | ᠥᠪᠥᠷ ᠮᠣᠩᠭᠤᠯ ᠤᠨ ᠬᠠᠮᠵᠢᠯᠴᠠᠭᠠᠨ ᠤ ᠬᠢᠶᠠᠭ ᠡᠪᠡᠰᠦ ᠲᠠᠷᠢᠬᠤ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠲᠣᠭᠤᠷᠢᠭ ᠲᠤ᠂ ᠲᠥᠪᠯᠡᠷᠡᠭᠦᠯᠦᠨ ᠵᠠᠯᠭᠠᠯᠳᠤᠭᠤᠯᠤᠨ ᠲᠠᠷᠢᠭᠰᠠᠨ ᠬᠢᠶᠠᠭ ᠡᠪᠡᠰᠦ ᠰᠠᠯᠬᠢᠨ ᠤ ᠠᠶ᠎ᠠ ᠪᠠᠷ | ᠬᠠᠯᠢᠭᠤᠷᠠᠵᠤ᠂ ᠲᠤᠮᠤ ᠬᠡᠯᠪᠡᠷᠢ ᠶᠢᠨ ᠡᠪᠡᠰᠦ ᠬᠤᠷᠢᠶᠠᠬᠤ ᠮᠠᠰᠢᠨ ᠡᠪᠡᠰᠦ ᠬᠤᠷᠢᠶᠠᠨ ᠶᠠᠭᠠᠷᠠᠯᠳᠤᠨ᠎ᠠ᠃ | | 2023 ᠣᠨ ᠳᠤ ᠲᠤᠰ ᠬᠤᠰᠢᠭᠤᠨ ᠤ ᠬᠠᠯᠢᠭᠤᠲᠤ ᠪᠠᠯᠭᠠᠰᠤ ᠨᠢ ᠪᠡᠭᠡᠵᠢᠩ ᠬᠤᠲᠠ ᠶᠢᠨ ᠴᠤᠤᠶᠠᠩ | ᠲᠣᠭᠤᠷᠢᠭ ᠤᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠦᠷᠦᠯ ᠵᠦᠢᠯ ᠤᠨ ᠪᠠᠯᠠ ᠮᠥᠩᠭᠦ ᠶᠢ | ᠢᠳᠡᠪᠬᠢᠲᠡᠶ ᠭᠤᠶᠤᠴᠢᠯᠠᠵᠤ᠂ ᠬᠤᠵᠢᠷᠯᠢᠭ ᠭᠠᠵᠠᠷ ᠢ ᠵᠠᠰᠠᠬᠤ᠂ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠤᠰᠤ | ᠠᠷᠪᠢᠯᠠᠬᠤ᠂ ᠪᠠᠶᠠᠵᠢᠭᠤᠯᠬᠤ ᠪᠠᠷ ᠬᠠᠷᠠᠯᠲᠠ ᠪᠠᠨ ᠪᠣᠯᠭᠠᠨ᠂ ᠪᠥᠬᠦ ᠪᠠᠯᠭᠠᠰᠤᠨ ᠤ 5 ᠭᠠᠴᠠᠭᠠᠨ ᠤ 8 | ᠲᠣᠰᠬᠤᠨ ᠳᠤ 1.7 ᠲᠦᠮᠡ ᠭᠠᠷᠤᠶ ᠮᠥ ᠬᠢᠶᠠᠭ ᠡᠪᠡᠰᠦ ᠲᠠᠷᠢᠪᠠ᠃ | | ᠣᠶᠢᠯᠠᠭᠠᠭᠰᠠᠨ ᠢᠶᠠᠷ᠂ ᠬᠢᠶᠠᠭ ᠡᠪᠡᠰᠦ ᠪᠣᠯ ᠨᠢᠭᠡ ᠵᠦᠢᠯ ᠤᠨ ᠴᠢᠨᠠᠷ ᠰᠠᠶᠢᠲᠠᠶ ᠲᠡᠵᠢᠭᠡᠯ ᠡᠪᠡᠰᠦ ᠪᠠᠶᠢᠵᠤ᠂ | ᠭᠤᠷᠪᠠᠨ ᠵᠢᠯ ᠳᠤ ᠡᠯᠪᠡᠭ ᠬᠤᠷᠢᠶᠠᠯᠲᠠ ᠶᠢᠨ ᠬᠤᠭᠤᠴᠠᠭᠠᠨ ᠳᠤ ᠣᠷᠣᠵᠤ᠂ ᠨᠢᠭᠡ ᠵᠢᠯ ᠳᠤ ᠨᠢᠭᠡ ᠤᠳᠠᠭ᠎ᠠ ᠦᠷ᠎ᠡ | ᠬᠤᠷᠢᠶᠠᠵᠤ ᠬᠤᠶᠠᠷ ᠤᠳᠠᠭ᠎ᠠ ᠡᠪᠡᠰᠦ ᠬᠠᠳᠤᠳᠠᠭ᠃ ᠲᠤᠰ ᠬᠤᠰᠢᠭᠤᠨ ᠤ ᠬᠠᠯᠢᠭᠤᠳᠤ ᠪᠠᠯᠭᠠᠰᠤᠨ ᠤ ᠬᠢᠶᠠᠭ | ᠡᠪᠡᠰᠦ ᠲᠠᠷᠢᠬᠤ ᠲᠥᠷᠥᠯ ᠵᠦᠢᠯ ᠨᠢ ︽ᠺᠣᠮᠫᠠᠨᠢ +ᠲᠣᠰᠬᠤᠨ ᠤ ᠬᠠᠮᠲᠤ+ ᠲᠠᠷᠢᠶᠠᠴᠢᠨ ᠡᠷᠦᠬᠡ︾ ᠶᠢᠨ | ᠵᠠᠭᠪᠤᠷ ᠢᠶᠠᠷ ᠬᠡᠷᠡᠭᠵᠢᠬᠦᠯᠦᠭᠳᠡᠵᠦ᠂ ᠲᠦᠩᠯᠢᠶᠣᠤ ᠬᠤᠲᠠ ᠶᠢᠨ ᠯᠢᠦᠢ ᠲᠢᠶᠠᠨ ᠶᠤᠸᠠᠨ ᠡᠪᠡᠰᠦᠨ ᠤ ᠪᠦᠲᠦᠭᠡᠭᠳᠡᠬᠦᠨ | ᠡᠵᠡᠩᠨᠡᠨ ᠪᠣᠷᠣᠯᠠᠭᠤᠯᠬᠤ ᠬᠢᠵᠠᠭᠠᠷᠲᠤ ᠺᠣᠮᠫᠠᠨᠢ ᠠᠴᠠ ᠬᠢᠶᠠᠭ ᠡᠪᠡᠰᠦ ᠲᠠᠷᠢᠬᠤ᠂ ᠬᠠᠮᠢᠶᠠᠷᠴᠤ ᠡᠵᠡᠩᠨᠡᠬᠦ ᠪᠠ | ᠮᠡᠷᠭᠡᠵᠢᠯ ᠤᠨ ᠦᠢᠯᠡᠴᠢᠯᠡᠭᠡ ᠬᠠᠩᠭᠠᠬᠤ ᠶᠢ ᠬᠠᠷᠢᠭᠤᠴᠠᠵᠤ᠂ ᠵᠢᠯ ᠪᠦᠷᠢ ᠶᠢᠨ ᠬᠤᠷᠢᠶᠠᠬᠤ ᠬᠢᠶᠠᠭ ᠡᠪᠡᠰᠦ ᠢ | ᠲᠠᠷᠢᠶᠠᠴᠢᠨ ᠡᠷᠦᠬᠡ ᠳᠤ ᠥᠭᠴᠦ᠂ ᠡᠪᠡᠰᠦᠨ ᠦᠷ᠎ᠡ ᠶᠢ ᠺᠣᠮᠫᠠᠨᠢ ᠠᠪᠬᠤ ᠪᠠᠷ ᠲᠤᠭᠳᠠᠪᠠ᠃ ᠲᠥᠷᠥᠯ ᠵᠦᠢᠯ ᠢ | ᠬᠡᠷᠡᠭᠵᠢᠬᠦᠯᠦᠭᠰᠡᠨ ᠲᠦᠷᠦᠬᠦᠦ 2 ᠵᠢᠯ ᠳᠤ᠂ ᠺᠣᠮᠫᠠᠨᠢ ᠠᠴᠠ ᠲᠠᠷᠢᠶᠠᠴᠢᠨ ᠡᠷᠦᠬᠡ ᠳᠤ ᠮᠦ ᠪᠦᠷᠢ 100 | ᠲᠥᠭᠦᠷᠢᠭ ᠤᠨ ᠨᠥᠬᠦᠪᠥᠷᠢ ᠥᠭᠴᠦ᠂ 3 ᠳ᠋ᠤᠭᠠᠷ ᠵᠢᠯ ᠠᠴᠠ ᠨᠢ ᠡᠬᠢᠯᠡᠨ ᠺᠣᠮᠫᠠᠨᠢ ᠮᠦ ᠪᠦᠷᠢ ᠶᠢᠨ ᠬᠤᠷᠢᠶᠠᠬᠤ | ᠬᠢᠶᠠᠭ ᠡᠪᠡᠰᠦ ᠶᠢ 400 ᠺᠢᠯᠣᠭ᠍ᠷᠠᠮ ᠠᠴᠠ ᠳᠣᠤᠷ᠎ᠠ ᠪᠠᠶᠢᠯᠭᠠᠬᠤ ᠦᠭᠡᠢ ᠶᠢ ᠪᠠᠳᠤᠯᠠᠵᠤ᠂ 400 ᠺᠢᠯᠤᠭ᠍ᠷᠠᠮ ᠬᠦᠷᠬᠦ | ᠦᠭᠡᠢ ᠪᠤᠯ ᠺᠤᠮᠫᠠᠨᠢ ᠠᠴᠠ ᠨᠦᠬᠦᠪᠦᠷᠢᠯᠡᠨ ᠦᠭᠬᠦ ᠪᠠᠷ ᠠᠮᠠᠯᠳᠠᠭᠰᠠᠨ ᠪᠠᠶᠢᠨ᠎ᠠ᠃ | | ᠣᠶᠢᠯᠠᠭᠠᠭᠰᠠᠨ ᠢᠶᠠᠷ᠂ ᠬᠤᠷᠴᠢᠨ ᠵᠡᠭᠦᠨ ᠭᠠᠷᠤᠨ ᠬᠤᠶᠢᠳᠤ ᠬᠤᠰᠢᠭᠤᠨ ᠤ ᠪᠡᠭᠡᠵᠢᠩ ᠥᠪᠥᠷ ᠮᠣᠩᠭᠤᠯ | ᠬᠠᠮᠵᠢᠯᠴᠠᠨ ᠬᠢᠶᠠᠭ ᠡᠪᠡᠰᠦ ᠳᠠᠷᠢᠬᠤ ᠲᠥᠷᠥᠯ ᠵᠦᠢᠯ ᠨᠢ᠂ ᠨᠡᠶᠢᠲᠡ 4302 ᠲᠦᠮᠡᠨ ᠲᠥᠭᠦᠷᠢᠭ ᠪᠠᠯᠠ | ᠣᠷᠣᠭᠤᠯᠵᠤ᠂ ᠬᠠᠯᠢᠭᠤᠲᠤ ᠪᠠᠯᠭᠠᠰᠤ᠂ ᠴᠠᠷᠠᠰᠤ ᠪᠠᠯᠭᠠᠰᠤ ᠵᠡᠷᠭᠡ 8 ᠰᠤᠮᠤ ᠪᠠᠯᠭᠠᠰᠤᠨ ᠳᠤ ᠨᠡᠶᠢᠲᠡ 5 ᠲᠦᠮᠡᠨ | ᠮᠥ ᠬᠢᠶᠠᠭ ᠡᠪᠡᠰᠦ ᠲᠠᠷᠢᠬᠤ ᠪᠠᠷ ᠲᠥᠯᠥᠪᠯᠡᠵᠦ᠂ 2023 ᠣᠨ ᠤ ᠡᠴᠦᠰ ᠪᠤᠯᠳᠠᠯ᠎ᠠ ᠨᠢᠭᠡᠨᠲᠡ 2.3 ᠲᠦᠮᠡᠨ ᠮᠥ | ᠲᠠᠷᠢᠪᠠ᠂ ᠡᠨᠡ ᠬᠤᠶᠠᠷ ᠵᠢᠯ ᠤᠨ ᠬᠢᠶᠠᠭ ᠡᠪᠡᠰᠦᠨ ᠤ ᠤᠷᠭᠤᠯᠳᠠ ᠲᠤᠩ ᠰᠠᠶᠢᠨ ᠪᠠᠶᠢᠵᠤ᠂ ᠬᠤᠵᠢᠷᠯᠢᠭ ᠬᠠᠯᠴᠠᠭᠠᠢ | ᠭᠠᠵᠠᠷ ᠨᠤᠭᠤᠭᠠᠨ ᠦᠩᠭᠡ ᠪᠠᠷ ᠬᠤᠴᠢᠭᠳᠠᠨ᠂ ᠡᠯᠡᠰᠦᠷᠬᠡᠭ ᠭᠠᠵᠠᠷ ᠢᠯᠡᠷᠬᠡᠢ ᠪᠠᠭᠠᠰᠴᠤ᠂ ᠠᠮᠢ ᠠᠬᠤᠢ ᠶᠢᠨ | ᠣᠷᠴᠢᠨ ᠲᠣᠭᠤᠷᠢᠨ ᠢᠯᠡᠳᠲᠡ ᠰᠠᠶᠢᠵᠢᠷᠠᠭᠰᠠᠨ ᠢᠶᠠᠷ ᠪᠠᠷᠠᠬᠤ ᠦᠭᠡᠢ᠂ ᠵᠢᠱᠢᠯᠲᠡ ᠪᠠᠷ ᠡᠯᠪᠡᠭ ᠬᠤᠷᠢᠶᠠᠯᠲᠠ ᠶᠢᠨ | ᠬᠤᠭᠤᠴᠠᠭᠠᠨ ᠳᠤ ᠤᠷᠤᠭᠰᠠᠨ ᠤ ᠲᠠᠷᠠᠭ᠎ᠠ ᠲᠥᠷᠥᠯ ᠵᠦᠢᠯ ᠤᠨ ᠣᠷᠣᠨ ᠤ ᠬᠥᠮᠦᠨ ᠳᠤᠮᠳᠠᠴᠢ ᠶᠢᠨ ᠵᠢᠯ ᠤᠨ | ᠣᠷᠣᠯᠭ᠎ᠠ ᠶᠢ 1000 ᠲᠥᠭᠦᠷᠢᠭ ᠠᠴᠠ ᠳᠡᠭᠡᠭᠰᠢ ᠨᠡᠮᠡᠭᠳᠡᠭᠦᠯᠬᠦ ᠪᠣᠯᠤᠨ᠎ᠠ᠃ | | |