ᠰᠠᠭᠠᠯᠢ ᠶᠢᠨ ᠦᠨᠢᠶᠡᠨ ᠤ ᠰᠦ ᠶᠢ ᠨᠡᠮᠡᠭᠳᠡᠭᠦᠯᠬᠦ ᠠᠷᠭ᠎ᠠ
ᠨᠡᠶᠢᠲᠡᠯᠡᠭᠰᠡᠨ ᠴᠠᠭ᠄
2024/7/15
    ᠰᠠᠭᠠᠯᠢ ᠶᠢᠨ ᠦᠨᠢᠶᠡᠨ ᠤ ᠰᠦ ᠶᠢ ᠨᠡᠮᠡᠭᠳᠡᠭᠦᠯᠦᠶ᠎ᠡ ᠭᠡᠪᠡᠯ ᠰᠢᠭᠦᠰᠦᠯᠢᠭ ᠲᠡᠵᠢᠭᠡᠯ ᠢᠳᠡᠭᠦᠯᠬᠦ ᠨᠢ ᠬᠠᠮᠤᠭ ᠤᠨ ᠤᠭᠢ ᠰᠠᠶᠢᠨ ᠠᠷᠭ᠎ᠠ ᠪᠣᠯᠣᠨ᠎ᠠ᠃    1. ᠰᠢᠬᠢᠷ ᠯᠤᠤᠪᠠᠩ᠄ ᠰᠢᠬᠢᠷ ᠯᠤᠤᠪᠠᠩ ᠢᠶᠠᠨ ᠤᠬᠢᠶᠠᠨ ᠴᠡᠪᠡᠷᠯᠡᠵᠦ᠂ ᠬᠡᠷᠴᠢᠨ ᠬᠡᠮᠬᠡᠯᠦᠭᠡᠳ᠂ ᠰᠠᠭᠠᠯᠢ ᠶᠢᠨ ᠦᠨᠢᠶ᠎ᠡ ᠪᠦᠷᠢ ᠳᠤ ᠡᠳᠦᠷ ᠲᠤ 30 — 40 ᠺᠢᠯᠦᠭᠷᠡᠮ ᠥᠭᠴᠦ ᠲᠡᠵᠢᠭᠡᠨ᠎ᠡ᠃ ᠭᠡᠬᠦ ᠲᠡᠭᠡᠨ ᠰᠢᠬᠢᠷ ᠯᠤᠤᠪᠠᠩ ᠤᠨ ᠲᠡᠵᠢᠭᠡᠯ ᠢ ᠳᠡᠩᠳᠡᠭᠦᠦ ᠤᠳᠠᠭᠠᠨ ᠲᠠᠯᠪᠢᠵᠤ ᠪᠤᠯᠬᠤ ᠦᠭᠡᠢ᠂ ᠰᠠᠭᠠᠯᠢ ᠶᠢᠨ ᠦᠨᠢᠶ᠎ᠡ ᠶᠢᠨ ᠬᠤᠣᠷᠳᠠᠭᠳᠠᠬᠤ ᠠᠴᠠ ᠪᠣᠯᠭᠤᠮᠵᠢᠯᠠᠬᠤ ᠬᠡᠷᠡᠭᠲᠡᠢ᠃    2. ᠰᠢᠬᠢᠷ ᠯᠤᠤᠪᠠᠩ ᠤᠨ ᠰᠢᠭᠠᠷᠤ᠄ ᠰᠢᠬᠢᠷ ᠯᠤᠤᠪᠠᠩ ᠤᠨ ᠰᠢᠭᠠᠷᠤ ᠳᠤ ᠤᠰᠤ 90%᠂ ᠪᠦᠳᠦᠭᠦᠯᠢᠭ ᠤᠭᠤᠷᠠᠭ 0.9%᠂ ᠪᠦᠳᠦᠭᠦᠯᠢᠭ ᠥᠭᠡᠬᠦ 0.1%᠂ ᠪᠦᠳᠦᠭᠦᠯᠢᠭ ᠰᠢᠷᠬᠡᠭᠯᠢᠭ ᠡᠳ᠋ 2.6%᠂ ᠠᠽᠣᠲ ᠦᠭᠡᠢ ᠨᠠᠪᠴᠢᠨ ᠭᠠᠷᠬᠤ ᠪᠣᠳᠠᠰ 3.5% ᠠᠭᠤᠯᠵᠤ ᠪᠠᠶᠢᠳᠠᠭ᠂ ᠰᠢᠬᠢᠷ ᠯᠤᠤᠪᠠᠩ ᠤᠨ ᠰᠢᠭᠠᠷᠤ ᠶᠢ ᠰᠠᠭᠠᠯᠢ ᠶᠢᠨ ᠦᠨᠢᠶ᠎ᠡ ᠳᠤ ᠡᠳᠦᠷ ᠪᠦᠷᠢ 3 — 5 ᠺᠢᠯᠦᠭᠷᠡᠮ ᠥᠭᠴᠦ ᠲᠡᠵᠢᠭᠡᠨ᠎ᠡ᠃     3. ᠠᠮᠲᠠᠲᠤ ᠲᠥᠮᠥᠰᠥ ᠵᠡᠷᠭᠡ ᠦᠨᠳᠦᠰᠦᠯᠢᠭ ᠢᠳᠡᠰᠢᠨ ᠨᠣᠭᠤᠭ᠎ᠠ ᠶᠢᠨ ᠲᠦᠷᠤᠯ᠄ 3.5 — 4 ᠺᠢᠯᠦᠭᠷᠡᠮ ᠲᠥᠮᠥᠰᠥ ᠨᠢ 1 ᠺᠢᠯᠦᠭᠷᠡᠮ ᠠᠮᠤ ᠪᠤᠳᠠᠭ᠎ᠠ ᠶᠢᠨ ᠲᠦᠷᠤᠯ ᠤᠨ ᠪᠣᠳᠠᠰ ᠲᠠᠢ ᠲᠡᠩᠴᠡᠬᠦ ᠮᠥᠷᠲᠡᠭᠡᠨ ᠪᠠᠷᠤᠭ 80% ᠶᠢᠨ ᠴᠠᠷᠳᠠᠭᠤᠯ ᠠᠭᠤᠯᠤᠭᠳᠠᠳᠠᠭ ᠠᠴᠠ ᠲᠤᠩ ᠠᠮᠠᠷᠬᠠᠨ ᠰᠢᠩᠭᠡᠭᠡᠵᠦ ᠲᠠᠶᠢᠯᠤᠨ᠎ᠠ᠃ ᠰᠠᠭᠠᠯᠢ ᠶᠢᠨ ᠦᠨᠢᠶ᠎ᠡ ᠳᠤ ᠡᠳᠦᠷ ᠪᠦᠷᠢ 20 —26 ᠺᠢᠯᠦᠭᠷᠡᠮ ᠥᠭᠴᠦ ᠲᠡᠵᠢᠭᠡᠬᠦ ᠶᠢᠨ ᠬᠠᠮᠲᠤ᠂ ᠬᠤᠨᠤᠭ ᠤᠨ ᠲᠡᠵᠢᠭᠡᠯ ᠳᠤ ᠤᠭᠤᠷᠠᠭ᠂ ᠡᠷᠦᠳᠡᠰᠦ ᠪᠣᠯᠣᠨ ᠸᠢᠲ᠋ᠠᠮᠢᠨ ᠨᠥᠬᠦᠪᠦᠷᠢᠯᠡᠬᠦ ᠶᠢ ᠠᠩᠬᠠᠷᠤᠨ᠎ᠠ᠃    4. ᠬᠤᠯᠤᠤᠪᠠᠩ᠄ ᠬᠤᠤᠯᠤᠪᠠᠨᠭ᠌ ᠳᠤ ᠬᠠᠭᠤᠷᠠᠢ ᠪᠣᠳᠠᠰ ᠤᠨ ᠠᠭᠤᠯᠤᠭᠳᠠᠴᠠ ᠨᠢ 12% ᠪᠠᠶᠢᠳᠠᠭ ᠪᠥᠭᠡᠳ ᠣᠯᠠᠩᠬᠢ ᠨᠢ ᠠᠭᠤᠰᠤᠮᠠᠬᠠᠢ ᠰᠢᠬᠢᠷ ᠤᠨ ᠲᠦᠷᠤᠯ ᠪᠠᠶᠢᠵᠤ᠂ ᠪᠦᠳᠦᠭᠦᠯᠢᠭ ᠤᠭᠤᠷᠠᠭ 1.1%᠂ ᠪᠦᠳᠦᠭᠦᠯᠢᠭ ᠥᠭᠡᠬᠦ 0.3%᠂ ᠪᠦᠳᠦᠭᠦᠯᠢᠭ ᠰᠢᠷᠬᠡᠭᠯᠢᠭ 1.2%᠂ ᠠᠽᠣᠲ ᠦᠭᠡᠢ ᠨᠠᠪᠴᠢᠨ ᠭᠠᠷᠬᠤ ᠪᠣᠳᠠᠰ 8.4% ᠠᠭᠤᠯᠵᠤ᠂ ᠦᠷ᠎ᠡ ᠶᠢᠨ ᠮᠠᠯ᠂ ᠦᠬᠡᠷ ᠪᠣᠯᠣᠨ ᠲᠥᠯ ᠮᠠᠯ ᠤᠨ ᠰᠢᠯᠢᠳᠡᠭ ᠰᠢᠭᠦᠰᠦᠯᠢᠭ ᠲᠡᠵᠢᠭᠡᠯ ᠪᠣᠯᠣᠨ᠎ᠠ᠃ ᠤᠬᠢᠶᠠᠵᠤ ᠴᠡᠪᠡᠷᠯᠡᠭᠰᠡᠨ ᠬᠤᠶᠢᠨ᠎ᠠ ᠨᠠᠷᠢᠨ ᠬᠡᠷᠴᠢᠵᠦ᠂ ᠰᠠᠭᠠᠯᠢ ᠶᠢᠨ ᠦᠨᠢᠶ᠎ᠡ ᠪᠦᠷᠢ ᠳᠤ ᠡᠳᠦᠷ ᠲᠤ 20 — 25 ᠺᠢᠯᠦᠭᠷᠡᠮ ᠥᠭᠴᠦ ᠲᠡᠵᠢᠭᠡᠨ᠎ᠡ᠃     5. ᠭᠤᠸᠠ ᠵᠢᠮᠢᠰ ᠤᠨ ᠲᠦᠷᠤᠯ᠄ ᠭᠤᠣᠯᠳᠠᠭᠤ ᠯᠠᠩᠭᠤᠸᠠ᠂ ᠲᠠᠷᠪᠤᠰ ᠤᠨ ᠬᠠᠯᠢᠰᠤ ᠪᠣᠯᠣᠨ ᠠᠮᠲᠠᠲᠤ ᠬᠡᠮᠬᠡ  ᠶᠢᠨ ᠬᠠᠯᠢᠰᠤ ᠵᠡᠷᠭᠡ ᠪᠤᠢ᠃ ᠡᠳᠠᠭᠡᠷ ᠭᠤᠸᠠ ᠵᠢᠮᠢᠰ ᠤᠨ ᠲᠦᠷᠤᠯ ᠤᠨ ᠤᠰᠤᠨ ᠤ ᠠᠭᠤᠯᠤᠭᠳᠠᠴᠠ ᠬᠠᠮᠤᠭ ᠤᠨ ᠥᠨᠳᠥᠷ ᠪᠠᠶᠢᠳᠠᠭ᠃ ᠤᠬᠢᠶᠠᠵᠤ ᠴᠡᠪᠡᠷᠯᠡᠭᠰᠡᠨ ᠬᠤᠶᠢᠨ᠎ᠠ ᠨᠠᠷᠢᠨ ᠬᠡᠷᠴᠢᠵᠦ᠂ ᠰᠠᠭᠠᠯᠢ ᠶᠢᠨ ᠦᠨᠢᠶ᠎ᠡ ᠪᠦᠷᠢ ᠳᠤ ᠡᠳᠦᠷ ᠲᠤ 15 — 20 ᠺᠢᠯᠦᠭᠷᠡᠮ ᠥᠭᠴᠦ ᠲᠡᠵᠢᠭᠡᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号