ᠴᠢ᠊·ᠳᠠᠯᠠᠨᠲᠠᠢ ᠪᠦᠯᠬᠦᠮ ᠳᠠᠭᠠᠭᠤᠯᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠢᠷᠡᠵᠦ ᠲᠣᠭᠤᠷᠢᠨ ᠦᠵᠡᠪᠡ
ᠨᠡᠶᠢᠲᠡᠯᠡᠭᠰᠡᠨ ᠴᠠᠭ᠄
2024/7/16
    7 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠲᠣᠭᠤᠷᠢᠨ ᠦᠵᠡᠬᠦ ᠪᠦᠯᠬᠦᠮ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠢᠷᠡᠵᠦ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠴᠢ᠊ · ᠳᠠᠯᠠᠨᠲᠠᠢ ᠣᠷᠣᠯᠴᠠᠭᠰᠠᠨ ᠪᠥᠭᠡᠳ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠦᠨᠡᠯᠡᠪᠡ᠃    ᠴᠢ᠊ · ᠳᠠᠯᠠᠨᠲᠠᠢ ᠳᠤᠮᠳᠠᠳᠤ ᠤᠯᠤᠰ ᠤᠨ ᠪᠠᠷᠢᠯᠭ᠎ᠠ ᠶᠢᠨ ᠮᠠᠲ᠋ᠧᠷᠢᠶᠠᠯ ᠤᠨ ᠲᠦᠩᠯᠢᠶᠣᠤ ᠶᠢᠨ ᠴᠠᠬᠢᠭᠤᠷ ᠡᠯᠡᠰᠦᠨ ᠤ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠵᠢᠯ ᠳᠤ 30 ᠲᠦᠮᠡᠨ ᠲᠣᠨ ᠬᠡᠲᠦ ᠴᠠᠭᠠᠨ ᠡᠯᠡᠰᠦ ᠵᠢᠴᠢ 20 ᠲᠦᠮᠡᠨ ᠲᠣᠨ ᠴᠠᠩ ᠱᠢ ᠴᠡᠪᠡᠷᠰᠢᠭᠦᠯᠬᠦ ᠦᠢᠯᠡᠳᠪᠦᠷᠢᠯᠡᠯ ᠤᠨ ᠱᠤᠭᠤᠮ ᠤᠨ ᠲᠥᠷᠥᠯ ᠵᠦᠢᠯ ᠢ ᠲᠣᠭᠤᠷᠢᠨ ᠦᠵᠡᠭᠰᠡᠨ ᠪᠥᠭᠡᠳ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃    ᠴᠢ᠊ · ᠳᠠᠯᠠᠨᠲᠠᠢ ᠲᠦᠩᠯᠢᠶᠣᠤ ᠬᠤᠲᠠ ᠶᠢᠨ ᠤᠣ ᠪᠠᠩ ᠴᠡᠴᠡᠷᠯᠢᠭ ᠤᠨ ᠤᠷᠠᠯᠢᠭ ᠤᠨ ᠵᠠᠰᠠᠯ ᠴᠢᠮᠡᠭᠯᠡᠯ ᠤᠨ ᠡᠳ᠋  ᠤᠨ ᠬᠢᠵᠠᠭᠠᠷᠲᠤ ᠺᠣᠮᠫᠠᠨᠢ ᠶᠢᠨ ᠵᠢᠯ ᠳᠤ 5 ᠲᠦᠮᠡᠨ ᠲᠣᠨ ᠰᠢᠯ ᠵᠠᠰᠠᠯ ᠴᠢᠮᠡᠭᠯᠡᠯ ᠵᠢᠴᠢ 10 ᠲᠦᠮᠡᠨ ᠲᠣᠨ ᠰᠢᠯ ᠪᠣᠯᠭᠤᠭᠠᠭᠰᠠᠨ ᠮᠠᠲ᠋ᠧᠷᠢᠶᠠᠯ ᠤᠨ ᠲᠥᠷᠥᠯ ᠵᠦᠢᠯ ᠳᠤ ᠲᠥᠷᠥᠯ ᠵᠦᠢᠯ ᠤᠨ ᠠᠬᠢᠴᠠ᠂ ᠦᠢᠯᠡᠳᠭᠡᠭᠦᠨ ᠤ ᠲᠥᠷᠥᠯ ᠵᠦᠢᠯ ᠵᠡᠷᠭᠡ ᠶᠢ ᠣᠶᠢᠯᠠᠭᠠᠪᠠ᠃
  奇·达楞太带队赴科左后旗观摩 01.jpg
    ᠴᠢ᠊ · ᠳᠠᠯᠠᠨᠲᠠᠢ ᠨᠠᠷ ᠤᠷᠢᠳ ᠬᠤᠵᠢᠳ ᠳᠤᠮᠳᠠᠳᠤ ᠤᠯᠤᠰ ᠤᠨ ᠪᠠᠷᠢᠯᠭ᠎ᠠ ᠶᠢᠨ ᠮᠠᠲ᠋ᠧᠷᠢᠶᠠᠯ ᠲᠦᠩᠯᠢᠶᠣᠤ ᠶᠢᠨ ᠴᠠᠬᠢᠭᠤᠷ ᠡᠯᠡᠰᠦᠨ ᠤ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠵᠢᠯ ᠳᠤ 30 ᠲᠦᠮᠡᠨ ᠲᠣᠨ ᠬᠡᠲᠦ ᠴᠠᠭᠠᠨ ᠡᠯᠡᠰᠦ ᠵᠢᠴᠢ 20 ᠲᠦᠮᠡᠨ ᠲᠣᠨ ᠴᠠᠩ ᠱᠢ ᠴᠡᠪᠡᠷᠰᠢᠬᠦᠯᠬᠦ ᠦᠢᠯᠡᠳᠪᠦᠷᠢᠯᠡᠯ ᠤᠨ ᠱᠤᠭᠤᠮ ᠤᠨ ᠲᠦᠷᠦᠯ ᠵᠦᠢᠯ᠂ ᠵᠦᠩ ᠪᠦᠸᠧ 2X1200t/d ᠨᠡᠷᠡᠨ ᠡᠨᠧᠷᠭᠢ ᠶᠢᠨ ᠲᠣᠨᠤᠭ ᠲᠥᠬᠦᠭᠡᠷᠦᠮᠵᠢ ᠳᠤ ᠬᠡᠷᠡᠭᠯᠡᠬᠦ ᠭᠡᠷᠡᠯ ᠴᠡᠨᠡᠭ ᠤᠨ ᠳ᠋ᠢᠶᠠᠨ ᡂᠢ ᠶᠢ ᠪᠢᠲᠡᠭᠦᠮᠵᠢᠯᠡᠨ ᠤᠭᠰᠠᠷᠠᠬᠤ ᠮᠠᠲ᠋ᠧᠷᠢᠶᠠᠯ ᠵᠢᠴᠢ ᠢᠵᠢ ᠪᠦᠷᠢᠳᠦᠭᠦᠯᠬᠦ ᠲᠦᠷᠦᠯ ᠵᠦᠢᠯ᠂ ᠲᠦᠩᠯᠢᠶᠣᠤ ᠬᠤᠲᠠ ᠶᠢᠨ ᠤᠦ ᠪᠠᠩ ᠴᠡᠴᠡᠷᠯᠢᠭ ᠤᠨ ᠤᠷᠠᠯᠢᠭ ᠤᠨ ᠵᠠᠰᠠᠯ ᠴᠢᠮᠡᠭᠯᠡᠯ ᠤᠨ ᠡᠳ᠋ ᠤᠨ ᠬᠢᠵᠠᠭᠠᠷᠲᠤ ᠺᠣᠮᠫᠠᠨᠢ ᠶᠢᠨ ᠵᠢᠯ ᠳᠤ 5 ᠲᠦᠮᠡᠨ ᠲᠣᠨ ᠰᠢᠯ ᠵᠠᠰᠠᠯ ᠤᠨ ᠪᠦᠲᠦᠭᠡᠭᠳᠡᠬᠦᠨ ᠵᠢᠴᠢ 10 ᠲᠦᠮᠡᠨ ᠲᠣᠨ ᠰᠢᠯ ᠵᠠᠰᠠᠯ ᠴᠢᠮᠡᠭᠯᠡᠯ ᠤᠨ ᠲᠦᠷᠦᠯ ᠵᠦᠢᠯ᠂ ᠥᠪᠥᠷ ᠮᠣᠩᠭᠤᠯ ᠤᠨ ᠭᠦᠸᠧ ᠪᠢᠨ ᠪᠠᠷᠢᠯᠭ᠎ᠠ ᠶᠢᠨ ᠵᠢᠯ ᠳᠤ 4.5 ᠲᠦᠮᠡᠨ ᠲᠣᠨ ᠤᠭᠰᠠᠷᠠᠮᠠᠯ ᠪᠣᠯᠣᠳ ᠲᠣᠨᠤᠭ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠱᠠᠩ ᠬᠤᠩ ᠠᠷᠢᠬᠢᠨ ᠤ ᠦᠢᠯᠡᠰ ᠤᠨ 1000 ᠲᠣᠨ ᠬᠠᠷ᠎ᠠ ᠠᠷᠢᠬᠢ ᠦᠢᠯᠡᠳᠪᠦᠷᠢᠯᠡᠵᠦ ᠡᠳ᠋ᠰᠢᠭᠦᠯᠬᠦ ᠲᠦᠷᠦᠯ ᠵᠦᠢᠯ ᠵᠡᠷᠭᠡ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠨ ᠲᠣᠭᠤᠷᠢᠨ ᠦᠵᠡᠪᠡ᠃
  奇·达楞太带队赴科左后旗观摩 02.jpg  
    ᠳᠤᠮᠳᠠᠳᠤ ᠤᠯᠤᠰ ᠤᠨ ᠪᠠᠷᠢᠯᠭ᠎ᠠ ᠶᠢᠨ ᠮᠠᠲ᠋ᠧᠷᠢᠶᠠᠯ ᠲᠦᠩᠯᠢᠶᠣᠤ ᠶᠢᠨ ᠴᠠᠬᠢᠭᠤᠷ ᠡᠯᠡᠰᠦᠨ ᠤ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠵᠢᠯ ᠳᠤ 30 ᠲᠦᠮᠡᠨ ᠲᠣᠨ ᠴᠠᠭᠠᠨ ᠡᠯᠡᠰᠦ ᠵᠢᠴᠢ 20 ᠲᠦᠮᠡᠨ ᠲᠣᠨ ᠴᠠᠩ ᠱᠢ ᠴᠡᠪᠡᠷᠰᠢᠬᠦᠯᠬᠦ ᠦᠢᠯᠡᠳᠪᠦᠷᠢᠯᠡᠯ ᠤᠨ ᠱᠤᠭᠤᠮ ᠤᠨ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ  ᠨᠢ 2.2 ᠳ᠋ᠦᠩᠰᠢᠭᠤᠷ ᠲᠥᠭᠦᠷᠢᠭ ᠬᠦᠷᠴᠦ᠂ ᠦᠢᠯᠡᠳᠪᠦᠷᠢᠯᠡᠯ ᠠᠰᠢᠭᠯᠠᠯᠳᠠ ᠳᠤ ᠤᠷᠤᠭᠰᠠᠨ ᠤ ᠳᠠᠷᠠᠭ᠎ᠠ ᠦᠢᠯᠡᠳᠬᠦᠨ ᠤ ᠦᠷᠳᠡᠭ ᠢ 2 ᠳ᠋ᠦᠩᠰᠢᠭᠤᠷ ᠲᠥᠭᠦᠷᠢᠭ ᠪᠡᠶᠡᠯᠡᠬᠦᠯᠬᠦ ᠪᠣᠯᠤᠨ᠎ᠠ︔ ᠵᠦᠩ ᠪᠦᠸᠧ 2X1200t / d ᠨᠡᠷᠡᠨ ᠡᠨᠧᠷᠭᠢ ᠶᠢᠨ ᠲᠤᠨᠤᠭ ᠲᠥᠬᠦᠭᠡᠷᠦᠮᠵᠢ ᠳᠤ ᠬᠡᠷᠡᠭᠯᠡᠬᠦ ᠭᠡᠷᠡᠯ ᠴᠡᠨᠡᠭ ᠤᠨ ᠳ᠋ᠢᠶᠠᠨ ᡂᠢ ᠶᠢᠨ ᠪᠢᠲᠡᠭᠦᠮᠵᠢᠯᠡᠨ ᠤᠭᠰᠠᠷᠠᠬᠤ ᠮᠠᠲ᠋ᠧᠷᠢᠶᠠᠯ ᠵᠢᠴᠢ ᠢᠵᠢ ᠪᠦᠷᠢᠳᠦᠭᠦᠯᠬᠦ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 25 ᠳ᠋ᠦᠩᠰᠢᠭᠤᠷ ᠲᠥᠭᠦᠷᠢᠭ ᠬᠦᠷᠴᠦ᠂ ᠦᠢᠯᠡᠳᠪᠦᠷᠢᠯᠡᠯ ᠠᠰᠢᠭᠯᠠᠯᠳᠠ ᠳᠤ ᠤᠷᠤᠭᠰᠠᠨ ᠤ ᠳᠠᠷᠠᠭ᠎ᠠ ᠪᠤᠷᠤᠯᠠᠭᠤᠯᠭ᠎ᠠ ᠶᠢᠨ ᠤᠷᠤᠯᠭ᠎ᠠ ᠶᠢ ᠵᠢᠯ ᠳᠤ 26 ᠳ᠋ᠦᠩᠰᠢᠭᠤᠷ ᠲᠥᠭᠦᠷᠢᠭ ᠪᠡᠶᠡᠯᠡᠬᠦᠯᠬᠦ ᠪᠤᠯᠤᠨ᠎ᠠ︔ ᠲᠦᠩᠯᠢᠶᠣᠤ ᠬᠤᠲᠠ ᠶᠢᠨ ᠤᠣ ᠪᠠᠩ ᠴᠡᠴᠡᠷᠯᠢᠭ ᠤᠨ ᠤᠷᠠᠯᠢᠭ ᠤᠨ ᠵᠠᠰᠠᠯ ᠴᠢᠮᠡᠭᠯᠡᠯ ᠤᠨ ᠡᠳ᠋ ᠤᠨ ᠬᠢᠵᠠᠭᠠᠷᠲᠤ ᠺᠣᠮᠫᠠᠨᠢ ᠶᠢᠨ ᠵᠢᠯ ᠳᠤ 5 ᠲᠦᠮᠡᠨ ᠲᠣᠨ ᠰᠢᠯ ᠵᠠᠰᠠᠯ ᠴᠢᠮᠡᠭᠯᠡᠯ ᠤᠨ ᠦᠢᠯᠡᠳᠬᠦᠨ ᠵᠢᠴᠢ 10 ᠲᠦᠮᠡᠨ ᠲᠣᠨ ᠰᠢᠯ ᠪᠣᠯᠭᠤᠭᠰᠠᠨ ᠡᠳ᠋ ᠤᠨ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 1.1 ᠳ᠋ᠦᠩᠰᠢᠭᠤᠷ ᠲᠥᠭᠦᠷᠢᠭ ᠬᠦᠷᠴᠦ᠂ ᠦᠢᠯᠡᠳᠪᠦᠷᠢᠯᠡᠯ ᠠᠰᠢᠭᠯᠠᠯᠳᠠ ᠳᠤ ᠤᠷᠤᠭᠰᠠᠨ ᠤ ᠳᠠᠷᠠᠭ᠎ᠠ ᠵᠢᠯ ᠤᠨ ᠪᠣᠷᠣᠯᠠᠭᠤᠯᠭ᠎ᠠ ᠶᠢᠨ ᠣᠷᠣᠯᠭ᠎ᠠ ᠶᠢ 3 ᠳ᠋ᠦᠩᠰᠢᠭᠤᠷ ᠲᠥᠭᠦᠷᠢᠭ ᠪᠡᠶᠡᠯᠡᠬᠦᠯᠬᠦ ᠪᠤᠯᠤᠨ᠎ᠠ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号