ᠳᠤᠮᠳᠠᠳᠤ ᠤᠯᠤᠰ ᠤᠨ ᠴᠢᠯᠠᠭᠤᠨ ᠲᠣᠰᠣᠨ ᠤ ᠶᠡᠭᠡ ᠰᠤᠷᠭᠠᠭᠤᠯᠢ ︵ᠬᠤᠸᠠ ᠳ᠋ᠦᠩ︶ ᠶᠢᠨ ᠳᠡᠮᠵᠢᠯᠭᠡ | ᠳᠣᠤᠷ᠎ᠠ᠂ ᠤᠷᠢᠳ ᠬᠤᠵᠢᠳ 700 ᠭᠠᠷᠤᠶ ᠲᠦᠮᠡᠨ ᠲᠥᠭᠦᠷᠢᠭ ᠤᠨ ᠪᠡᠯᠡ ᠣᠷᠣᠭᠤᠯᠵᠤ ᠪᠣᠳᠠᠲᠠᠶ | ᠪᠣᠯᠪᠠᠰᠤᠷᠠᠯ ᠤᠨ ᠲᠠᠰᠤᠭ᠂ ᠪᠣᠳᠠᠲᠠᠶ ᠪᠣᠯᠪᠠᠰᠤᠷᠠᠯ ᠤᠨ ᠰᠠᠭᠤᠷᠢᠨ ᠭᠠᠵᠠᠷ ᠪᠠ ᠡᠯᠧᠺᠲᠷᠤᠨ ᠨᠣᠮ ᠤᠨ ᠰᠠᠩ ᠢ | ᠪᠠᠶᠢᠭᠤᠯᠵᠤ᠂ ︽ᠠᠭᠠᠷ ᠬᠢᠴᠢᠶᠡᠯ ᠤᠨ ᠲᠠᠩᠬᠢᠮ︾ ᠨᠡᠭᠡᠭᠡᠪᠡ︔ ᠳᠤᠮᠳᠠᠳᠤ ᠤᠯᠤᠰ ᠤᠨ ᠴᠢᠯᠠᠭᠤᠨ ᠲᠣᠰᠣᠨ ᠤ | ᠶᠡᠭᠡ ᠰᠤᠷᠭᠠᠭᠤᠯᠢ ︵ᠬᠤᠸᠠ ᠳ᠋ᠦᠩ︶ ᠶᠢᠨ ᠬᠤᠯᠪᠣᠭᠠᠰᠤ ᠱᠤᠭᠤᠮ ᠢᠶᠠᠷ ᠬᠥᠭᠦᠷᠭᠡ ᠬᠤᠯᠪᠣᠭᠠᠰᠤ ᠪᠣᠯᠭᠠᠵᠤ᠂ | ᠤᠷᠢᠳ ᠬᠤᠵᠢᠳ ᠬᠠᠢ ᠡᠯ ᠪᠦᠯᠦᠭᠯᠡᠯ᠂ ᠭᠧ ᠯᠢ ᠪᠦᠯᠦᠭᠯᠡᠯ᠂ ᠵᠥᠩ ᠴᠧ ᠪᠦᠯᠦᠭᠯᠡᠯ ᠵᠡᠷᠭᠡ ᠠᠯᠳᠠᠷᠲᠤ ᠠᠵᠤ | ᠠᠬᠤᠶᠢᠯᠠᠯ ᠲᠠᠢ ᠬᠠᠮᠲᠤᠷᠠᠨ ᠰᠤᠷᠭᠠᠭᠤᠯᠢ ᠡᠷᠬᠢᠯᠡᠬᠦ᠂ ᠵᠠᠬᠢᠶᠠᠯᠠᠭ᠎ᠠ ᠶᠢᠨ ᠬᠡᠯᠪᠡᠷᠢ ᠪᠠᠷ ᠬᠥᠮᠦᠵᠢᠭᠦᠯᠬᠦ | ᠲᠤᠷᠰᠢᠯᠲᠠ ᠶᠢᠨ ᠴᠡᠭ ᠤᠨ ᠬᠠᠮᠲᠤᠷᠠᠯᠴᠠᠭ᠎ᠠ ᠶᠢ ᠥᠷᠨᠢᠭᠦᠯᠵᠦ᠂ ᠬᠤᠰᠢᠭᠤᠷᠠᠯ ᠰᠢᠨᠵᠢᠯᠡᠬᠦ ᠤᠬᠠᠭᠠᠨ ᠮᠡᠷᠭᠡᠵᠢᠯ ᠤᠨ | ᠲᠤᠰᠬᠠᠶ ᠮᠡᠷᠭᠡᠵᠢᠯ ᠢ ᠣᠯᠠᠨ ᠨᠡᠮᠡᠵᠦ᠂ ᠰᠤᠷᠤᠭᠴᠢᠳ ᠤᠨ ᠠᠵᠢᠯ ᠤᠯᠬᠤ ᠠᠷᠭ᠎ᠠ ᠵᠠᠮ ᠢ ᠥᠷᠭᠡᠳᠬᠡᠵᠦ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠬᠢᠭᠡᠳ ᠠᠵᠤ ᠠᠬᠤᠶ ᠨᠡᠶᠢᠭᠡᠮ ᠤᠨ ᠬᠥᠭᠵᠢᠯᠲᠡ ᠶᠢ ᠵᠡᠷᠭᠡᠪᠡᠷ ᠠᠬᠢᠭᠤᠯᠵᠤ᠂ | ᠬᠠᠮᠲᠤ ᠪᠠᠷ ᠣᠷᠣᠰᠢᠬᠤ ᠶᠢ ᠠᠬᠢᠭᠤᠯᠪᠠ᠃ ᠣᠳᠣᠬᠠᠨ ᠳᠤ᠂ ᠰᠤᠷᠭᠠᠭᠤᠯᠢ ᠳᠤ ᠪᠠᠶᠢᠭ᠎ᠠ ᠰᠤᠷᠤᠭᠴᠢ ᠶᠢᠨ ᠲᠤᠭ᠎ᠠ | 2019 ᠣᠨ ᠤ ᠠᠳᠠᠯᠢ ᠬᠤᠭᠤᠴᠠᠭᠠᠨ ᠤ ᠬᠢ ᠠᠴᠠ 280% ᠪᠠᠷ ᠨᠡᠮᠡᠭᠳᠡᠵᠦ᠂ ᠳᠡᠭᠡᠳᠦ ᠰᠢᠨ᠎ᠡ ᠮᠡᠷᠭᠡᠵᠢᠯ ᠤᠨ | ᠠᠵᠤ ᠠᠬᠤᠶᠢᠯᠠᠯ ᠳᠤ ᠠᠵᠢᠯ ᠣᠯᠤᠭᠰᠠᠨ ᠬᠥᠮᠦᠨ ᠤ ᠲᠤᠭ᠎ᠠ 40% ᠪᠠᠷ ᠨᠡᠮᠡᠭᠳᠡᠪᠡ᠃ ᠲᠦᠩᠯᠢᠶᠣᠤ ᠬᠤᠲᠠ ᠶᠢᠨ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠵᠠᠬᠢᠷᠤᠯ ᠤᠨ ᠶᠠᠷᠢᠶᠠᠨ ᠤ ᠲᠠᠪᠴᠠᠩ᠂ ᠲᠦᠩᠯᠢᠶᠣᠤ | ᠬᠤᠲᠠ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢᠳ ᠤᠨ ᠤᠷ᠎ᠠ ᠴᠢᠳᠠᠪᠤᠷᠢ ᠶᠢᠨ | ᠤᠷᠤᠯᠳᠤᠭᠠᠨ᠂ ᠪᠠᠭᠰᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠤᠷᠤᠯᠳᠤᠭᠠᠨ ᠵᠡᠷᠭᠡ ᠠᠵᠢᠯᠯᠠᠭ᠎ᠠ ᠶᠢ | ᠣᠯᠠᠨ ᠤᠳᠠᠭ᠎ᠠ ᠳᠠᠭᠠᠭᠠᠴᠢᠯᠠᠨ ᠡᠷᠭᠢᠯᠡᠪᠡ᠃ | |