ᠲᠤᠰ ᠨᠡᠶᠢᠭᠡᠮ ᠲᠤᠭᠤᠷᠢᠭ ︽ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ + | ᠲᠣᠣᠷᠵᠢᠯ ᠤᠨ ᠨᠠᠮ ᠤᠨ ᠡᠭᠦᠷ + ᠲᠣᠣᠷᠵᠢᠯ ᠤᠨ ᠨᠠᠮ ᠤᠨ ᠳᠤᠭᠤᠶᠢᠯᠠᠩ + ᠨᠠᠮ ᠤᠨ ᠭᠡᠰᠢᠭᠦᠨ ᠤ | ᠭᠤᠣᠯᠳᠠᠯᠭᠠᠲᠤ ᠡᠷᠦᠬᠡ︾ ᠶᠢᠨ ᠬᠤᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠳᠥᠷᠪᠡᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠬᠦᠴᠦᠯᠡᠨ ᠪᠠᠶᠢᠭᠤᠯᠵᠤ᠂ ︽1237︾ ᠨᠠᠮ ᠤᠨ | ᠪᠠᠶᠢᠭᠤᠯᠤᠯᠲᠠ ᠶᠢᠨ ᠠᠵᠢᠯ ᠤᠨ ᠲᠣᠭᠲᠠᠴᠠ ᠶᠢ ᠰᠢᠨ᠎ᠡ ᠪᠠᠷ ᠡᠭᠦᠳᠦᠨ ᠬᠡᠷᠡᠭᠵᠢᠬᠦᠯᠪᠡ ︵ᠲᠤᠬᠠᠶᠢᠯᠠᠪᠠᠯ ᠨᠢᠭᠡ | ᠰᠦᠯᠵᠢᠶ᠎ᠡ ᠪᠠᠷ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠰᠦᠯᠵᠢᠶ᠎ᠡ ᠶᠢ ᠪᠦᠷᠢᠨ ᠪᠦᠷᠬᠦᠬᠦᠯᠦᠨ᠎ᠡ︔ ᠬᠤᠶᠠᠷ | ᠲᠠᠯ᠎ᠠ ᠪᠠᠷ ᠠᠳᠬᠤᠵᠤ᠂ ᠬᠠᠮᠲᠤ ᠪᠠᠷ ᠰᠠᠭᠤᠵᠤ ᠬᠠᠮᠲᠤ ᠪᠠᠷ ᠪᠠᠶᠢᠭᠤᠯᠬᠤ ᠠᠵᠢᠯ ᠢ ᠰᠠᠶᠢᠲᠤᠷ ᠠᠳᠬᠤᠵᠤ᠂ ᠰᠠᠶᠢᠨ | ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠪᠣᠳᠠᠲᠠᠶ ᠠᠳᠬᠤᠨ᠎ᠠ︔ ᠭᠤᠷᠪᠠᠨ ᠨᠡᠷ᠎ᠡ ᠶᠢᠨ ᠬᠠᠭᠤᠳᠠᠰᠤᠨ ᠳᠤ ︽ | ᠰᠠᠶᠢᠨ ᠳᠤᠷ᠎ᠠ ᠶᠢᠨ ᠦᠢᠯᠡᠴᠢᠯᠡᠭᠡᠨ ᠤ ᠬᠡᠯᠪᠡᠷᠢ︾ ᠶᠢᠨ ᠨᠠᠷᠠᠲᠤ ᠲᠥᠷᠥᠯ ᠲᠡᠮᠳᠡᠭᠲᠦ ᠨᠡᠶᠢᠭᠡᠮ ᠲᠣᠭᠤᠷᠢᠭ᠂ | ᠬᠡᠷ ᠲᠡᠭᠡᠨ ᠬᠤᠴᠣᠷᠤᠭᠰᠠᠨ ᠬᠡᠤᠬᠡᠳ ᠲᠤ ︽ᠠᠮᠠᠷᠠᠯᠲᠠ ᠶᠢᠨ ᠡᠳᠦᠷ︾ ᠤᠨ ᠣᠨᠴᠠᠯᠢᠭᠲᠤ ᠦᠢᠯᠡᠴᠢᠯᠡᠭᠡ | ᠬᠠᠩᠭᠠᠬᠤ ᠪᠠ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠪᠠᠳᠠᠷᠠᠭᠤᠯᠤᠨ ᠠᠵᠢᠯ ᠦᠢᠯᠡᠰ ᠢᠶᠠᠨ ᠳᠡᠭᠡᠳᠦᠯᠡᠬᠦ | ᠠᠵᠢᠯᠯᠠᠭ᠎ᠠ ᠶᠢ ᠬᠡᠷᠡᠭᠵᠢᠭᠦᠯᠦᠨ᠎ᠡ︔ ᠳᠣᠯᠤᠭ᠎ᠠ ᠶᠢ ᠵᠠᠪᠠᠯ ᠰᠤᠷᠪᠤᠯᠵᠢᠯᠠᠵᠤ᠂ ᠠᠮᠢᠳᠤᠷᠠᠯ ᠨᠢ ᠬᠦᠴᠢᠷᠳᠡᠯᠲᠡᠶ ᠨᠠᠮ ᠤᠨ | ᠭᠡᠰᠢᠭᠦᠨ᠂ ᠣᠨᠴᠠ ᠬᠦᠴᠢᠷᠳᠡᠯᠲᠡᠶ ᠬᠥᠮᠦᠰ ᠤᠨ ᠬᠡᠷ ᠪᠦᠯᠢ᠂ ᠵᠡᠮᠳᠡᠭᠴᠦᠳ ᠵᠡᠷᠭᠡ ᠣᠨᠴᠠᠭᠠᠶ ᠬᠠᠮᠲᠤᠯᠢᠭ᠂ | ᠭᠠᠭᠴᠠᠭᠠᠷ ᠰᠠᠭᠤᠭ᠎ᠠ ᠨᠠᠰᠤᠲᠠᠨ᠂ ᠭᠤᠤᠯᠳᠠᠯᠭ᠎ᠠ ᠲᠠᠢ ᠬᠠᠷᠢᠯᠴᠠᠬᠤ ᠡᠷᠦᠬᠡ᠂ ᠵᠥᠷᠢᠴᠡᠯ ᠵᠢᠭᠤᠷᠠᠯᠳᠤᠭᠠᠨ ᠤ | ᠲᠤᠬᠠᠶ ᠶᠢᠨ ᠬᠥᠮᠦᠨ᠂ ᠰᠠᠭᠤᠭᠠᠯᠢ ᠠᠷᠠᠳ ᠤᠨ ᠬᠡᠷ ᠲᠤ ᠬᠦᠨᠳᠦ ᠶᠡᠭᠡ ᠠᠳᠡᠯ ᠭᠠᠷᠤᠭᠰᠠᠨ ᠤ ᠲᠠᠷᠠᠭᠠᠬᠢ ᠵᠠᠪᠠᠯ | ᠰᠤᠷᠪᠤᠯᠵᠢᠯᠠᠭ᠎ᠠ ᠶᠢ ᠵᠢᠭᠠᠵᠥ ᠪᠤᠢ︶ ᠃ | ᠠᠮᠤᠷ ᠠᠮᠤᠭᠤᠯᠠᠩ ᠵᠣᠯ ᠵᠢᠷᠭᠠᠯᠲᠤ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢ ᠠᠬᠢᠭᠤᠯᠵᠤ᠂ ᠤᠷᠢᠳ | ᠬᠤᠵᠢᠳ ᠬᠤᠰᠢᠭᠤᠨ ᠲᠠᠰ ᠤᠨ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠪᠥᠬᠦ | ᠣᠷᠣᠨ ᠤ ᠲᠠᠪᠤᠨ ᠰᠠᠷ᠎ᠠ ᠶᠢᠨ ᠳᠥᠷᠪᠡᠨ ᠤ ᠤᠯᠠᠭᠠᠨ ᠲᠤᠭ ᠤᠨ ᠡᠪᠯᠡᠯ ᠤᠨ ᠡᠭᠦᠷ᠂ ᠪᠥᠬᠦ ᠣᠷᠣᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ᠂ ᠪᠥᠬᠦ ᠤᠯᠤᠰ ᠤᠨ | ᠡᠮᠡᠭᠲᠡᠶᠢᠴᠦᠳ ᠤᠨ ᠬᠤᠯᠪᠣᠭ᠎ᠠ ᠶᠢᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠵᠡᠷᠭᠡ ᠢᠷᠠᠭᠤ ᠠᠯᠳᠠᠷ ᠢ ᠭᠥᠷᠳᠡᠪᠡ᠃ |