ᠵᠤᠨ ᠤ ᠳᠤᠮᠳᠠ ᠤᠯᠠᠷᠢᠯ ᠪᠤᠯᠤᠮᠠᠭᠴᠠ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠥᠮᠦᠨ ᠤ | ᠬᠦᠴᠦ ᠪᠠᠷ ᠲᠠᠷᠢᠭᠰᠠᠨ 5.5 ᠲᠦᠮᠡᠨ ᠮᠥ ᠪᠣᠷᠣ ᠴᠠᠷᠭᠠᠰᠤ ᠲᠦᠷᠦᠬᠦᠦ ᠤᠳᠠᠭ᠎ᠠ ᠬᠠᠳᠤᠵᠤ ᠬᠤᠷᠢᠶᠠᠬᠤ | ᠬᠤᠭᠤᠴᠠᠭ᠎ᠠ ᠳᠤ ᠪᠠᠨ ᠤᠷᠤᠵᠤ᠂ ᠡᠯ᠎ᠡ ᠭᠠᠵᠠᠷ ᠤᠨ ᠲᠠᠷᠢᠮᠠᠯ ᠤᠨ ᠡᠷᠦᠬᠡ ᠴᠠᠭ ᠲᠣᠬᠢᠶᠠᠯ ᠢ ᠠᠮᠵᠢᠨ ᠬᠠᠳᠤᠵᠤ | ᠬᠤᠷᠢᠶᠠᠬᠤ ᠠᠵᠢᠯ ᠥᠷᠨᠢᠭᠦᠯᠵᠦ᠂ ᠲᠣᠭᠲᠠᠭᠤᠨ ᠢᠶᠠᠷ ᠡᠯᠪᠡᠭ ᠬᠤᠷᠢᠶᠠᠯᠲᠠ ᠤᠯᠬᠤ ᠶᠢ ᠦᠨᠡᠨ ᠬᠦ ᠪᠠᠲᠤᠯᠠᠵᠤ | ᠪᠠᠶᠢᠨ᠎ᠠ᠃ | | | | | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠪᠠᠶᠠᠨᠮᠣᠳᠣ ᠰᠤᠮᠤ ᠨᠢ ︽ᠰᠠᠶᠢᠨ ᠡᠪᠡᠰᠦ ᠲᠠᠷᠢᠵᠤ | ᠰᠠᠶᠢᠨ ᠦᠬᠡᠷ ᠲᠡᠵᠢᠭᠡᠬᠦ︾ ᠬᠥᠭᠵᠢᠯᠲᠡ ᠶᠢᠨ ᠰᠡᠳᠬᠢᠴᠡ ᠶᠣᠰᠣᠭᠠᠷ᠂ ︽ᠠᠮᠤ ᠪᠤᠳᠠᠭ᠎ᠠ ᠲᠡᠵᠢᠭᠡᠯ ᠪᠣᠷᠳᠤᠭ᠎ᠠ ᠶᠢ | ᠬᠠᠮᠲᠤ ᠳᠤᠨᠢ ᠬᠠᠷᠠᠭᠠᠯᠵᠠᠬᠤ᠂ ᠮᠠᠯ ᠪᠡᠯᠴᠢᠭᠡᠷ ᠢ ᠢᠵᠢ ᠪᠦᠷᠢᠳᠦᠭᠦᠯᠬᠦ᠂ ᠲᠡᠵᠢᠭᠡᠬᠦ ᠪᠠᠷ ᠲᠠᠷᠢᠬᠤ ᠶᠢ ᠳᠠᠶᠢᠴᠢᠯᠠᠬᠤ᠂ | ᠲᠠᠷᠢᠶᠠᠯᠠᠩ ᠮᠠᠯ ᠠᠵᠤ ᠠᠬᠤᠢ ᠬᠠᠷᠢᠯᠴᠠᠨ ᠠᠬᠢᠭᠤᠯᠬᠤ︾ ᠤᠳᠤ ᠦᠶ᠎ᠡ ᠶᠢᠨ ᠮᠠᠯ ᠠᠵᠤ ᠠᠬᠤᠢ ᠶᠢᠨ ᠠᠵᠤ | ᠦᠢᠯᠡᠰ ᠤᠨ ᠰᠢᠰᠲ᠋ᠧᠮ ᠢ ᠦᠷᠭᠦᠯᠵᠢᠯᠡᠨ ᠰᠦᠪᠡᠭᠴᠢᠯᠡᠨ ᠬᠥᠭᠵᠢᠭᠦᠯᠵᠦ᠂ ᠪᠣᠷᠣ ᠴᠠᠷᠭᠠᠰᠤ ᠵᠡᠷᠭᠡ ᠴᠢᠨᠠᠷ ᠰᠠᠶᠢᠲᠠᠢ | ᠲᠡᠵᠢᠭᠡᠯ ᠡᠪᠡᠰᠦ ᠲᠠᠷᠢᠬᠤ ᠶᠢ ᠬᠦᠴᠦᠯᠡᠨ ᠠᠬᠢᠭᠤᠯᠵᠤ ᠪᠠᠶᠢᠨ᠎ᠠ᠃ ᠣᠳᠣᠬᠠᠨ ᠳᠤ᠂ ᠪᠠᠶᠠᠨᠮᠣᠳᠣ ᠰᠤᠮᠤ ᠶᠢᠨ 5 | ᠭᠠᠴᠠᠭ᠎ᠠ ᠲᠣᠰᠬᠤᠨ ᠳᠤ ᠨᠡᠶᠢᠲᠡ 3000 ᠮᠥ ᠪᠣᠷᠣ ᠴᠠᠷᠭᠠᠰᠤ ᠳᠠᠷᠢᠵᠤ᠂ ᠳᠠᠷᠢᠵᠤ ᠲᠡᠵᠢᠭᠡᠬᠦ ᠶᠢ ᠬᠠᠷᠢᠯᠴᠠᠨ | ᠠᠬᠢᠭᠤᠯᠬᠤ᠂ ᠮᠠᠯ ᠪᠡᠯᠴᠢᠭᠡᠷ ᠢ ᠵᠡᠷᠭᠡᠪᠡᠷ ᠬᠥᠭᠵᠢᠭᠦᠯᠬᠦ ᠰᠠᠶᠢᠨ ᠣᠷᠴᠢᠯ ᠢ ᠪᠡᠶᠡᠯᠡᠭᠦᠯᠪᠡ᠃ | | | | | ᠣᠶᠢᠷ᠎ᠠ ᠶᠢᠨ ᠵᠢᠯ ᠠᠴᠠ ᠨᠠᠰᠢ᠂ ᠬᠤᠷᠴᠢᠨ ᠵᠡᠭᠦᠨ ᠭᠠᠷᠤᠨ ᠬᠤᠶᠢᠳᠤ ᠬᠤᠰᠢᠭᠤ ︽ᠲᠡᠵᠢᠭᠡᠬᠦ ᠶᠢᠨ ᠲᠥᠯᠥᠭᠡ | ᠲᠠᠷᠢᠵᠤ᠂ ᠮᠠᠯᠵᠢᠬᠤ ᠶᠢᠨ ᠲᠥᠯᠥᠭᠡ ᠲᠠᠷᠢᠬᠤ︾ ᠶᠢ ᠪᠠᠷᠢᠮᠲᠠᠯᠠᠵᠤ᠂ ᠥᠨᠳᠥᠷ ᠤᠨᠠᠯᠲᠠ ᠲᠠᠢ ᠬᠥᠬᠡ | ᠳᠠᠷᠤᠰᠢᠭᠤᠯᠤᠭᠰᠠᠨ ᠡᠷᠳᠡᠨᠢ ᠰᠢᠰᠢ᠂ ᠪᠣᠷᠣ ᠴᠠᠷᠭᠠᠰᠤ᠂ ᠬᠢᠶᠠᠭ ᠡᠪᠡᠰᠦ ᠵᠡᠷᠭᠡ ᠴᠢᠨᠠᠷ ᠰᠠᠶᠢᠲᠠᠶ ᠲᠡᠵᠢᠭᠡᠯ ᠡᠪᠡᠰᠦ | ᠪᠣᠷᠳᠤᠭ᠎ᠠ ᠲᠠᠷᠢᠬᠤ ᠰᠠᠭᠤᠷᠢᠨ ᠭᠠᠵᠠᠷ ᠢ ᠢᠳᠡᠪᠬᠢᠲᠡᠶ ᠳᠡᠯᠭᠡᠷᠡᠭᠦᠯᠵᠦ᠂ 185 ᠲᠦᠮᠡᠨ ᠮᠦ ᠨᠣᠭᠤᠭᠠᠨ ᠪᠣᠷᠳᠤᠭ᠎ᠠ | ᠲᠠᠷᠢᠵᠤ᠂ ᠪᠣᠷᠣ ᠴᠠᠷᠭᠠᠰᠤ᠂ ᠨᠣᠬᠠᠶ ᠶᠢᠨ ᠬᠤᠰᠢᠭᠤ᠂ ᠬᠢᠶᠠᠭ ᠵᠡᠷᠭᠡ ᠴᠢᠨᠠᠷ ᠰᠠᠶᠢᠲᠠᠶ ᠲᠡᠵᠢᠭᠡᠯ ᠡᠪᠡᠰᠦ | ᠪᠣᠷᠳᠤᠭ᠎ᠠ ᠶᠢ 8 ᠲᠦᠮᠡᠨ ᠮᠦ ᠲᠠᠷᠢᠪᠠ᠂ ᠦᠨᠦ ᠡᠳᠡᠭᠡᠷ ᠡᠪᠡᠰᠦ ᠨᠢ ᠤᠷᠭᠤᠯᠳᠠ ᠰᠠᠶᠢᠳᠡᠢ ᠪᠠᠶᠢᠵᠤ᠂ ᠡᠯᠪᠡᠭ | ᠬᠤᠷᠢᠶᠠᠯᠳᠠ ᠤᠯᠬᠤ ᠪᠠᠳᠤᠯᠠᠭ᠎ᠠ ᠮᠡᠳᠡᠭᠳᠡᠮ᠎ᠡ ᠪᠠᠶᠢᠨ᠎ᠠ᠃ | | | | |