7 ᠰᠠᠷ᠎ᠠ ᠶᠢᠨ 1 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠭᠦᠸᠧ ᠲᠢᠶᠠᠨ ᠪᠦᠦ ᠬᠠᠯᠢᠭᠤᠲᠤ ᠪᠠᠯᠭᠠᠰᠤᠨ ᠳᠤ ᠭᠦᠨᠵᠡᠭᠡᠶᠢᠷᠡᠨ ᠠᠮᠤ ᠪᠤᠳᠠᠭᠠᠨ ᠤ ᠠᠮᠤᠷ ᠲᠦᠪᠰᠢᠨ ᠤ ᠠᠵᠢᠯ ᠢ | ᠪᠠᠶᠢᠴᠠᠭᠠᠨ ᠰᠤᠳᠤᠯᠪᠠ᠃ | | | | ᠡᠨᠡ ᠬᠤᠭᠤᠴᠠᠭᠠᠨ ᠳᠤ᠂ ᠭᠦᠸᠧ ᠲᠢᠶᠠᠨ ᠪᠦᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠲᠠᠷᠢᠶᠠᠨ | ᠭᠠᠵᠠᠷ ᠤᠨ ᠨᠥᠭᠡᠴᠡ ᠶᠢᠨ ᠬᠥᠮᠥᠷᠭᠡ᠂ ᠬᠤᠵᠢᠷᠯᠢᠭ ᠭᠠᠵᠠᠷ ᠢ ᠰᠠᠶᠢᠵᠢᠷᠠᠭᠤᠯᠬᠤ᠂ ᠬᠢᠶᠠᠭ ᠡᠪᠡᠰᠦ ᠲᠠᠷᠢᠬᠤ | ᠰᠠᠭᠤᠷᠢᠨ ᠭᠠᠵᠠᠷ᠂ ᠰᠢᠳ ᠲᠠᠷᠢᠬᠤ ᠰᠠᠭᠤᠷᠢᠨ ᠭᠠᠵᠠᠷ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ | ᠲᠤᠬᠠᠢ ᠶᠢᠨ ᠲᠠᠯᠠᠪᠠᠢ ᠶᠢ ᠪᠠᠶᠢᠴᠠᠭᠠᠨ ᠦᠵᠡᠵᠦ᠂ ᠲᠠᠷᠢᠮᠠᠯ ᠤᠨ ᠤᠷᠭᠤᠴᠠ ᠶᠢᠨ ᠪᠠᠶᠢᠳᠠᠯ ᠪᠣᠯᠤᠨ ᠲᠠᠷᠢᠶᠠᠨ | ᠭᠠᠵᠠᠷ ᠤᠨ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ | ᠨᠠᠷᠢᠨ ᠬᠢᠨᠠᠮᠠᠭᠠᠢ ᠠᠵᠢᠭᠯᠠᠪᠠ᠃ ᠡᠭᠦᠨ ᠤ ᠬᠠᠮᠲᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ︽ᠠᠮᠤ | ᠪᠤᠳᠠᠭᠠᠨ ᠤ ᠠᠮᠤᠷ ᠲᠦᠪᠰᠢᠨ ᠪᠣᠯ ᠤᠯᠤᠰ ᠤᠨ ᠶᠡᠭᠡ ᠶᠠᠪᠤᠳᠠᠯ ᠮᠥᠨ︾ ᠭᠡᠬᠦ ᠭᠦᠨ ᠠᠭᠤᠯᠤᠭᠳᠠᠬᠤᠨ ᠢ ᠭᠦᠨᠵᠡᠭᠡᠶ | ᠤᠶᠢᠯᠠᠭᠠᠨ ᠣᠨᠣᠪᠴᠢᠲᠠᠶ ᠡᠵᠡᠮᠳᠡᠵᠦ᠂ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠥᠷᠥ ᠶᠢᠨ | ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠤᠵᠢᠷᠯᠢᠭ ᠭᠠᠵᠠᠷ ᠢ ᠶᠡᠷᠦᠩᠬᠡᠶᠢᠯᠡᠨ ᠥᠭᠡᠷᠡᠴᠢᠯᠡᠨ ᠠᠰᠢᠭᠯᠠᠬᠤ ᠪᠠ | ᠲᠠᠷᠢᠶᠠᠨ ᠭᠠᠵᠠᠷ ᠤᠨ ᠨᠥᠭᠡᠴᠡ ᠶᠢᠨ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠲᠠᠷᠢᠶᠠᠨ | ᠭᠠᠵᠠᠷ ᠤᠨ ᠶᠠᠰᠤ ᠴᠢᠨᠠᠷ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ | ᠣᠷᠣᠨ ᠵᠠᠶ ᠶᠢ ᠯᠠᠪᠳᠠᠭᠤᠨ ᠢᠶᠠᠷ ᠥᠷᠭᠡᠳᠬᠡᠵᠦ᠂ ᠮᠠᠯᠴᠢᠨ ᠲᠠᠷᠢᠶᠠᠴᠢᠨ ᠤ ᠭᠠᠷᠤᠯᠲᠠ ᠪᠠᠨ ᠨᠡᠮᠡᠭᠳᠡᠭᠦᠯᠵᠦ | ᠣᠷᠣᠯᠭ᠎ᠠ ᠪᠠᠨ ᠨᠡᠮᠡᠭᠳᠡᠭᠦᠯᠬᠦ ᠶᠢ ᠪᠦᠲᠦᠮᠵᠢᠲᠡᠶ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠬᠤᠰᠢᠭᠤᠨ ᠤ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠢᠴᠢ ᠬᠠᠯᠢᠭᠤᠲᠤ | ᠪᠠᠯᠭᠠᠰᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠣᠷᠣᠯᠴᠠᠵᠠᠶ᠃ | |