6 ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠶᠧ ᠴᠦᠨ ᠾᠧ ᠬᠤᠷᠠᠯ | ᠡᠷᠭᠢᠯᠡᠨ ᠬᠤᠷᠠᠯᠳᠤᠭᠤᠯᠵᠤ᠂ ᠡᠯ᠎ᠡ ᠠᠵᠤ ᠠᠬᠤᠶ ᠶᠢᠨ ᠰᠠᠯᠠᠭ᠎ᠠ ᠮᠥᠴᠢᠷ ᠤᠨ ᠠᠵᠢᠯ ᠤᠨ ᠬᠠᠷᠢᠭᠤ | ᠮᠡᠳᠡᠭᠦᠯᠦᠯᠲᠡ ᠶᠢ ᠨᠢᠭᠡᠳ ᠨᠢᠭᠡ ᠪᠠᠷ ᠰᠣᠨᠣᠰᠴᠤ᠂ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠠᠵᠢᠯᠯᠠᠭᠠᠨ ᠤ | ᠪᠠᠶᠢᠳᠠᠯ ᠢ ᠪᠥᠬᠦ ᠲᠠᠯ᠎ᠠ ᠪᠠᠷ ᠪᠦᠷᠢᠳᠬᠡᠵᠦ᠂ ᠲᠤᠯᠭᠠᠷᠠᠵᠤ ᠪᠠᠶᠢᠭ᠎ᠠ ᠪᠠᠶᠢᠳᠠᠯ ᠪᠠ ᠬᠦᠴᠢᠷᠳᠡᠯ ᠢ ᠭᠦᠨᠵᠡᠭᠡᠶ ᠵᠠᠳᠠᠯᠤᠨ | ᠰᠤᠳᠤᠯᠵᠤ ᠮᠠᠭᠠᠳᠯᠠᠵᠤ᠂ ᠣᠶᠢᠷ᠎ᠠ ᠶᠢᠨ ᠱᠠᠲᠤᠨ ᠤ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ | ᠬᠤᠰᠢᠭᠤᠨ ᠤ ᠤᠳᠤᠷᠢᠳᠤᠯᠭ᠎ᠠ ᠯᠢᠦ ᠶᠢᠨ ᠱᠧᠩ᠂ ᠸᠧᠨ ᠮᠢᠩ ᠣᠷᠣᠯᠴᠠᠵᠠᠶ᠃ | | ᠰᠢᠶᠧ ᠴᠦᠨ ᠾᠧ ᠵᠢᠭᠠᠵᠤ ᠭᠠᠷᠭᠠᠭᠰᠠᠨ ᠨᠢ᠂ ᠣᠳᠣᠬᠠᠨ ᠳᠤ ᠮᠠᠨ ᠤ ᠬᠤᠰᠢᠭᠤᠨ ᠤ ᠠᠵᠤ ᠠᠬᠤᠶ ᠶᠢᠨ | ᠡᠷᠬᠢᠯᠳᠡ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠰᠠᠶᠢᠨ | ᠪᠠᠶᠢᠳᠠᠯ ᠢᠯᠡᠷᠡᠪᠡ᠃ ᠭᠡᠪᠡᠴᠦ ᠠᠵᠤ ᠠᠬᠤᠢ ᠶᠢᠨ ᠬᠥᠭᠵᠢᠯᠲᠡ ᠳᠤ ᠮᠥᠨ ᠯᠡ ᠮᠠᠰᠢ ᠤᠯᠠᠨ ᠥᠷᠢᠰᠥᠯᠳᠦᠭᠡᠨ | ᠪᠣᠯᠤᠨ ᠳᠠᠷᠤᠯᠲᠠ ᠳᠤ ᠲᠤᠯᠭᠠᠷᠠᠵᠤ ᠪᠠᠶᠢᠬᠤ ᠶᠢ ᠰᠡᠷᠭᠡᠭ ᠢᠶᠠᠷ ᠲᠠᠨᠢᠵᠤ᠂ ᠴᠠᠭ ᠢᠮᠠᠭᠲᠠ ᠲᠦᠭᠰᠢᠭᠦᠷᠢᠲᠦ | ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠪᠠᠲᠤᠯᠠᠵᠤ᠂ ᠥᠪᠡᠷ ᠤᠨ ᠪᠡᠶ᠎ᠡ ᠳᠡᠭᠡᠨ ᠳᠠᠷᠤᠯᠲᠠ ᠥᠭᠴᠦ᠂ | ᠬᠦᠨᠳᠦ ᠡᠭᠦᠷᠭᠡ ᠶᠢ ᠡᠭᠦᠷᠭᠡᠯᠡᠨ ᠤᠷᠤᠭᠰᠢᠯᠠᠵᠤ᠂ ᠪᠦᠬᠦ ᠬᠦᠴᠦᠨ ᠢᠶᠠᠷ ᠢᠶᠠᠨ ᠳᠤᠲᠠᠭᠤᠳᠠᠯ ᠢᠶᠠᠨ ᠨᠥᠬᠦᠪᠥᠷᠢᠯᠡᠵᠦ᠂ | ᠪᠦᠬᠦ ᠬᠦᠴᠦᠨ ᠢᠶᠠᠷ ᠢᠶᠠᠨ ᠨᠡᠮᠡᠭᠳᠡᠯ ᠢ ᠠᠬᠢᠭᠤᠯᠵᠤ᠂ ︽ᠬᠤᠣᠰ ᠬᠠᠭᠠᠰ ᠢ ᠳᠠᠪᠠᠭ᠋ᠤ︾ ᠶᠢ ᠴᠢᠷᠮᠠᠶᠢᠨ ᠪᠡᠶᠡᠯᠡᠭᠦᠯᠵᠦ | ᠂ ᠪᠦᠬᠦ ᠵᠢᠯ ᠤᠨ ᠬᠠᠷᠠᠯᠲᠠ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ | ᠬᠡᠷᠡᠭᠲᠡᠢ᠃ | ᠰᠢᠶᠧ ᠴᠦᠨ ᠾᠧ ᠴᠢᠬᠤᠯᠠᠴᠢᠯᠠᠭᠰᠠᠨ ᠨᠢ᠂ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠨᠢ ᠡᠳᠦᠷ | ᠲᠤᠲᠤᠮ ᠤᠨ ᠰᠠᠭᠤᠷᠢ ᠮᠥᠨ᠂ ᠪᠥᠬᠦ ᠵᠢᠯ ᠤᠨ ᠠᠵᠤ ᠠᠬᠤᠶ ᠶᠢᠨ ᠭᠦᠢᠴᠡᠳᠬᠡᠯ ᠲᠤᠭ᠎ᠠ ᠲᠠᠢ ᠬᠠᠷᠢᠴᠠᠭᠤᠯᠤᠨ | ᠡᠭᠦᠷᠭᠡ ᠶᠢ ᠨᠠᠷᠢᠯᠢᠬᠵᠢᠭᠤᠯᠤᠨ ᠵᠠᠳᠠᠯᠵᠤ᠂ ᠪᠣᠳᠠᠲᠠᠶ ᠲᠥᠷᠥᠯ ᠵᠦᠢᠯ ᠪᠠ ᠬᠠᠷᠢᠭᠤᠴᠠᠯᠭᠠᠲᠠᠨ ᠢ | ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠠᠵᠢᠯ ᠢ ᠴᠠᠭ ᠤᠨ ᠳᠠᠷᠠᠭᠠᠯᠠᠯ ᠤᠨ ᠠᠬᠢᠴᠠ ᠪᠠᠷ ᠠᠬᠢᠭᠤᠯᠬᠤ ᠶᠢ ᠦᠨᠡᠨ | ᠬᠦ ᠪᠠᠲᠤᠯᠠᠬᠤ ᠬᠡᠷᠡᠭᠲᠡᠶ︔ ᠬᠤᠯᠪᠣᠭᠠᠯᠠᠨ ᠬᠥᠳᠡᠯᠦᠯᠴᠡᠬᠦ ᠪᠣᠯ ᠵᠠᠩᠭᠢᠯᠠᠭ᠎ᠠ ᠪᠣᠯᠤᠨ᠎ᠠ᠂ ᠠᠵᠤ ᠠᠬᠤᠶ ᠶᠢᠨ ᠰᠠᠯᠠᠭ᠎ᠠ | ᠮᠥᠴᠢᠷ ᠤᠨ ᠬᠤᠭᠤᠷᠣᠨᠳᠣ ᠪᠠᠨ ᠨᠢᠭᠲᠠ ᠨᠡᠪᠲᠡᠷᠡᠯᠴᠡᠵᠦ᠂ ᠬᠠᠮᠵᠢᠯᠴᠠᠨ ᠪᠠᠶᠢᠯᠳᠤᠵᠤ᠂ ᠠᠵᠢᠯ ᠤᠨ ᠨᠡᠶᠢᠯᠡᠮᠡᠯ | ᠬᠦᠴᠦᠨ ᠢ ᠪᠦᠷᠢᠯᠳᠦᠭᠦᠯᠵᠦ᠂ ᠠᠵᠤ ᠠᠬᠤᠶ ᠶᠢᠨ ᠬᠥᠭᠵᠢᠯᠲᠡ ᠶᠢ ᠬᠠᠮᠲᠤ ᠪᠠᠷ ᠠᠬᠢᠭᠤᠯᠬᠤ ᠬᠡᠷᠡᠭᠲᠡᠶ︔ | ᠬᠠᠳᠠᠭᠠᠯᠠᠯᠲᠠ ᠶᠢᠨ ᠬᠡᠮᠵᠢᠶ᠎ᠡ ᠳᠤ ᠳᠠᠯᠳᠠ ᠬᠦᠴᠦᠨ ᠢ ᠠᠭᠤᠳᠠᠯᠵᠤ᠂ ᠭᠠᠶᠢᠯᠢ ᠰᠦᠢᠳᠭᠡᠯ ᠤᠨ ᠳᠡᠮᠵᠢᠯᠭᠡ ᠶᠢᠨ ᠡᠯ᠎ᠡ | ᠵᠦᠢᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠭᠠᠶᠢᠯᠢ ᠶᠢᠨ | ᠢᠷᠡᠯᠲᠡ ᠶᠢ ᠪᠥᠬᠦ ᠬᠦᠴᠦᠨ ᠢᠶᠠᠷ ᠢᠶᠠᠨ ᠪᠤᠶᠢᠵᠢᠭᠤᠯᠵᠤ᠂ ᠭᠠᠶᠢᠯᠢ ᠲᠠᠲᠠᠪᠤᠷᠢ ᠶᠢᠨ ᠳᠠᠯᠳᠠ ᠬᠦᠴᠦᠨ ᠢ ᠭᠦᠨᠵᠡᠭᠡᠶ | ᠠᠭᠤᠳᠠᠯᠵᠤ᠂ ᠭᠠᠶᠢᠯᠢ ᠶᠢ ᠳᠠᠷᠤᠵᠤ ᠭᠠᠶᠢᠯᠢ ᠠᠴᠠ ᠵᠠᠶᠢᠯᠠᠬᠤ ᠪᠠ ᠭᠠᠶᠢᠯᠢ ᠶᠢ ᠡᠰᠡᠷᠭᠦᠴᠡᠬᠦ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠭᠠᠶᠢᠯᠢ ᠰᠦᠢᠳᠭᠡᠯ ᠤᠨ ᠣᠷᠣᠯᠭ᠎ᠠ ᠶᠢ ᠲᠣᠭᠲᠠᠭᠤᠨ ᠢᠶᠠᠷ ᠲᠡᠩᠴᠡᠭᠦᠷᠢᠲᠡᠶ ᠬᠥᠮᠥᠷᠭᠡ ᠳᠤ | ᠣᠷᠣᠭᠤᠯᠬᠤ ᠶᠢ ᠠᠬᠢᠭᠤᠯᠬᠤ ᠬᠡᠷᠡᠭᠲᠡᠶ︔ ᠬᠡᠯᠪᠡᠯᠵᠡᠯ ᠡᠭᠦᠰᠬᠦ ᠠᠴᠠ ᠵᠠᠶᠢᠯᠠᠰᠬᠢᠵᠦ᠂ ᠠᠵᠤ ᠦᠢᠯᠡᠳᠪᠦᠷᠢ ᠶᠢᠨ | ᠠᠵᠤ ᠠᠬᠤᠶ ᠶᠢᠨ ᠬᠥᠭᠵᠢᠯᠲᠡ ᠶᠢ ᠦᠷᠭᠦᠯᠵᠢᠯᠡᠨ ᠰᠠᠶᠢᠲᠤᠷ ᠠᠳᠬᠤᠵᠤ᠂ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢᠨ ᠲᠦᠷᠭᠡᠨ ᠨᠡᠮᠡᠭᠳᠡᠯ ᠢ ᠢᠳᠡᠪᠬᠢᠲᠡᠶ ᠠᠬᠢᠭᠤᠯᠵᠤ᠂ ᠬᠥᠭᠵᠢᠯᠲᠡ ᠶᠢᠨ ᠰᠡᠯᠭᠦᠬᠦ ᠬᠦᠴᠦᠨ ᠢ | ᠦᠨᠡᠨ ᠬᠦ ᠴᠢᠩᠭᠠᠳᠬᠠᠬᠤ ᠬᠡᠷᠡᠭᠲᠡᠶ ᠭᠡᠵᠡᠢ᠃ | |