ᠭᠠᠨᠵᠤᠭ᠎ᠠ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ ︽ᠤᠯᠠᠭᠠᠨ ᠡᠯᠢᠭᠡᠪᠴᠢᠳᠦ ᠨᠡᠭᠦᠳᠡᠯ ᠬᠢᠴᠢᠶᠡᠯ ᠤᠨ ᠲᠠᠩᠬᠢᠮ︾ ᠢ ᠨᠡᠭᠡᠭᠡᠨ ᠡᠷᠬᠢᠯᠡᠵᠦ᠂ ᠦᠢᠯᠡᠴᠢᠯᠡᠭᠡ ᠶᠢ ᠨᠡᠩ ᠳᠣᠲᠣᠨᠣ ᠪᠣᠯᠭᠠᠪᠠ
ᠨᠡᠶᠢᠲᠡᠯᠡᠭᠰᠡᠨ ᠴᠠᠭ᠄
2024/7/22
   ᠮᠤᠷᠢᠳᠠᠨ ᠨᠡᠶᠢᠭᠡᠮ ᠲᠣᠭᠤᠷᠢᠭ᠂  ᠨᠠᠮ ᠤᠨ ᠭᠡᠰᠢᠭᠦᠨ ᠺᠠᠳ᠋ᠷ᠂ ᠰᠠᠶᠢᠨ ᠳᠤᠷᠠᠴᠤᠳ᠂ ᠨᠡᠶᠢᠭᠡᠮ ᠲᠣᠭᠤᠷᠢᠭ ᠤᠨ ᠲᠣᠣᠷᠵᠢᠯ ᠤᠨ ᠠᠵᠢᠯᠲᠠᠳ ᠢ ᠵᠣᠬᠢᠶᠠᠨ ᠪᠠᠶᠢᠭᠤᠯᠤᠨ᠂ ︽ᠤᠯᠠᠭᠠᠨ ᠡᠯᠢᠭᠡᠪᠴᠢᠳᠦ ᠨᠡᠭᠦᠳᠡᠯ ᠬᠢᠴᠢᠶᠡᠯ ᠤᠨ ᠲᠠᠩᠬᠢᠮ ︾ ᠢ ᠨᠡᠭᠡᠭᠡᠨ ᠡᠷᠬᠢᠯᠡᠵᠦ᠂ ᠰᠠᠭᠤᠭᠠᠯᠢ ᠠᠷᠠᠳ ᠲᠤ ᠬᠠᠤᠯᠢ ᠪᠠᠷ ᠵᠠᠰᠠᠬᠤ ᠶᠢ  ᠲᠠᠶᠢᠯᠪᠤᠷᠢᠯᠠᠬᠤ᠂ ᠵᠢᠭᠤᠷᠠᠯᠳᠤᠭᠠᠨ ᠢ ᠡᠶᠡᠳᠡᠬᠦᠯᠬᠦ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠦᠨᠡᠨᠬᠦ ᠰᠢᠢᠳᠪᠦᠷᠢᠯᠡᠪᠡ᠃ ᠣᠲᠣ ᠪᠣᠯᠲᠠᠯ᠎ᠠ᠂ ︽ᠤᠯᠠᠭᠠᠨ‌ᠡᠯᠢᠭᠡᠪᠴᠢᠳᠦ ᠨᠡᠭᠦᠳᠡᠯ ᠬᠢᠴᠢᠶᠡᠯ ᠤᠨ ᠲᠠᠩᠬᠢᠮ︾  ᠨᠢ ᠣᠯᠠᠨ ᠲᠦᠮᠡᠨ ᠤ ᠪᠠᠴᠢᠮ ᠪᠡᠷᠬᠡ ᠬᠦᠰᠡᠯ ᠵᠣᠪᠠᠨᠢᠯ ᠤᠨ ᠠᠰᠠᠭᠤᠳᠠᠯ ᠢ 15 ᠴᠤᠭᠯᠠᠭᠤᠯᠵᠤ᠂ 9 ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠨ᠂ 20 ᠭᠠᠷᠤᠶ ᠠᠵᠢᠯ ᠠᠯᠳᠠᠭᠰᠠᠨ ᠦᠨᠡᠮᠯᠡᠯ ᠢ  ᠬᠦᠢᠴᠡᠳᠭᠡᠨ᠂ 40 ᠭᠠᠷᠤᠢ ᠨᠡᠷᠡᠰ  ᠥᠨᠳᠥᠷ ᠨᠠᠰᠤᠨ ᠤ ᠨᠥᠬᠦᠪᠥᠷᠢ ᠶᠢ ᠬᠡᠷ ᠲᠤᠨᠢ ᠬᠦᠷᠴᠦ ᠬᠠᠮᠵᠢᠯᠴᠠᠨ ᠳᠠᠬᠢᠨ ᠬᠢᠨᠠᠵᠤ᠂ 10 ᠭᠠᠷᠤᠶ ᠲᠠᠯᠠᠪᠠᠢ ᠶᠢᠨ  ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ  ᠪᠠᠶᠢᠴᠠᠭᠠᠪᠠ᠃
红马甲流动课堂.jpg
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号