ᠰᠢᠶᠧ ᠴᠦᠨ ᠾᠧ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠬᠠᠮᠲᠤ ᠪᠠᠷ ᠬᠢᠴᠢᠶᠡᠯ ᠪᠡᠯᠡᠳᠬᠡᠬᠦ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/7/22
   7 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠵᠠᠬᠢᠷᠤᠯ ᠰᠢᠶᠧ ᠴᠦᠨ ᠾᠧ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠬᠦᠷᠴᠦ ᠬᠠᠮᠲᠤ ᠪᠠᠷ ᠬᠢᠴᠢᠶᠡᠯ ᠪᠡᠯᠡᠳᠬᠡᠬᠦ ᠬᠤᠷᠠᠯ ᠳᠤ ᠣᠷᠣᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠹᠠᠩ ᠾᠦᠢ ᠣᠷᠣᠯᠴᠠᠵᠠᠶ᠃
  解春贺参加指导旗委党校集体备课会01.jpg    
    ᠬᠢᠴᠢᠶᠡᠯ ᠪᠡᠯᠡᠳᠬᠡᠬᠦ ᠬᠤᠷᠠᠯ ᠳᠡᠭᠡᠷ᠎ᠡ᠂ 3 ᠪᠠᠭᠰᠢ ᠠᠳᠠᠯᠢ ᠪᠤᠰᠤ ᠰᠡᠳᠦᠪ ᠤᠨ ᠲᠣᠭᠤᠷᠢᠨ ᠳᠤ ᠲᠤᠷᠰᠢᠨ ᠶᠠᠷᠢᠵᠤ᠂ ᠪᠤᠰᠤᠳ ᠪᠠᠭᠰᠢ ᠬᠢᠴᠢᠶᠡᠯ ᠤᠨ ᠪᠣᠷᠣ ᠲᠥᠯᠥᠪ᠂ ᠦᠭᠡ ᠬᠡᠯᠡᠨ ᠤ ᠢᠯᠡᠳᠬᠡᠯ᠂ ᠬᠢᠴᠢᠶᠡᠯ ᠤᠨ ᠬᠡᠷᠡᠭᠰᠡᠯ ᠢ ᠦᠢᠯᠡᠳᠬᠦ ᠵᠡᠷᠭᠡ ᠲᠠᠯ᠎ᠠ ᠪᠠᠷ ᠦᠨᠡᠯᠡᠯᠲᠡ ᠬᠢᠵᠦ᠂ ᠬᠠᠨᠳᠤᠯᠭᠠᠲᠤ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠪᠠ᠃
  解春贺参加指导旗委党校集体备课会02.jpg   
     ᠰᠢᠶᠧ ᠴᠦᠨ ᠾᠧ ᠬᠢᠴᠢᠶᠡᠯ ᠪᠡᠯᠡᠳᠬᠡᠬᠦ ᠬᠤᠷᠠᠯ ᠢ ᠨᠤᠲᠠᠯᠠᠪᠠ᠃ ᠲᠡᠷᠡ ᠴᠢᠬᠤᠠᠯᠴᠢᠯᠠᠭᠰᠠᠨ ᠨᠢ᠂ ︽ᠨᠠᠮ ᠤᠨ ᠰᠤᠷᠭᠠᠭᠤᠯᠢ ᠪᠣᠯ ᠨᠠᠮ ᠤᠨ ᠬᠢ ᠪᠠᠶᠢᠬᠤ︾ ᠶᠢ ᠢᠮᠠᠭᠲᠠ ᠪᠠᠷᠢᠮᠲᠠᠯᠠᠵᠤ᠂ ︽ᠨᠠᠮ ᠤᠨ ᠲᠥᠯᠥᠭᠡ ᠴᠢᠳᠠᠪᠤᠷᠢᠲᠠᠨ ᠢ ᠬᠥᠮᠦᠵᠢᠭᠦᠯᠬᠦ᠂ ᠨᠠᠮ ᠤᠨ ᠲᠥᠯᠥᠭᠡ ᠠᠷᠭ᠎ᠠ ᠤᠬᠠᠭᠠᠨ ᠭᠠᠷᠭᠠᠬᠤ︾ ᠠᠷᠢᠭᠤᠨ ᠲᠠᠷᠬᠠᠨ ᠡᠭᠦᠷᠭᠡ ᠬᠠᠷᠢᠭᠤᠴᠠᠯᠭ᠎ᠠ ᠪᠠᠨ ᠡᠷᠡᠰ ᠰᠠᠶᠢᠲᠤᠷ ᠭᠦᠢᠴᠡᠳᠬᠡᠵᠦ᠂ ᠨᠠᠮ ᠤᠨ ᠰᠤᠷᠭᠠᠭᠤᠯᠢ ᠶᠢ ᠨᠡᠩ ᠰᠠᠶᠢᠲᠤᠷ ᠡᠷᠬᠢᠯᠡᠬᠦ ᠪᠠᠷ ᠴᠢᠷᠮᠠᠶᠢᠬᠤ ᠬᠡᠷᠡᠭᠲᠡᠢ᠃ ᠵᠢᠭᠠᠨ ᠰᠤᠷᠭᠠᠯᠲᠠ ᠶᠢ ᠢᠮᠠᠭᠲᠠ ᠴᠢᠬᠤᠯᠠ ᠠᠴᠠ ᠴᠢᠬᠤᠯᠠ ᠵᠦᠢᠯ ᠪᠣᠯᠭᠠᠨ ᠪᠣᠳᠠᠲᠠᠢ ᠰᠠᠶᠢᠲᠤᠷ ᠠᠳᠬᠤᠵᠤ᠂ ᠮᠠᠨ ᠤ ᠬᠤᠰᠢᠭᠤᠨ ᠤ ᠺᠠᠳ᠋ᠷ ᠤᠨ ᠰᠤᠷᠭᠠᠨ ᠬᠥᠮᠦᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠬᠢᠴᠢᠶᠡᠯ ᠤᠨ ᠰᠢᠰᠲ᠋ᠧᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠡᠷᠡᠭ ᠤᠨ ᠵᠢᠱᠢᠶ᠎ᠡ ᠶᠢᠨ ᠵᠢᠭᠠᠨ ᠰᠤᠷᠭᠠᠯᠲᠠ ᠶᠢᠨ ᠡᠷᠴᠢᠮ ᠢ ᠴᠢᠩᠭᠠᠷᠠᠭᠤᠯᠤᠨ᠂ ᠤᠳᠤᠷᠢᠳᠬᠤ ᠺᠠᠳ᠋ᠷᠴᠤᠳ ᠶᠠᠷᠢᠶᠠᠨ ᠤ ᠲᠠᠪᠴᠠᠩ ᠳᠤ ᠭᠠᠷᠬᠤ ᠵᠡᠷᠭᠡ ᠲᠦᠷᠢᠮ ᠢ ᠬᠡᠷᠡᠭᠵᠢᠭᠦᠯᠵᠦ᠂ ᠨᠠᠮ ᠤᠨ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠴᠢᠳᠠᠪᠤᠷᠢᠲᠠᠨ ᠤ ᠡᠩᠨᠡᠭᠡ ᠭᠡᠬᠦ ᠡᠨᠡ ᠬᠦ ᠵᠠᠩᠭᠢᠯᠠᠭ᠎ᠠ ᠶᠢ ᠰᠠᠶᠢᠲᠤᠷ ᠠᠳᠬᠤᠵᠤ᠂ ᠵᠠᠯᠠᠭᠤ ᠴᠢᠳᠠᠪᠤᠷᠢᠲᠠᠨ ᠪᠠ ᠲᠤᠰᠬᠠᠢ ᠮᠡᠷᠭᠡᠵᠢᠯ ᠤᠨ ᠬᠡᠯᠪᠡᠷᠢ ᠶᠢᠨ ᠴᠢᠳᠠᠪᠤᠷᠢᠲᠠᠨ ᠢ ᠰᠢᠯᠢᠨ ᠰᠣᠩᠭᠤᠬᠤ ᠪᠠ ᠬᠥᠮᠦᠵᠢᠭᠦᠯᠬᠦ ᠶᠢ ᠴᠢᠬᠤᠯᠠᠴᠢᠯᠠᠵᠤ᠂ ᠪᠠᠭᠰᠢ ᠶᠢᠨ ᠬᠠᠮᠢᠶᠠᠷᠤᠯᠲᠠ ᠶᠢᠨ ᠲᠦᠷᠢᠮ ᠪᠠ ᠬᠢᠴᠢᠶᠡᠯ ᠢ ᠦᠨᠡᠯᠡᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠪᠠᠭᠰᠢ ᠶᠢᠨ ᠡᠩᠨᠡᠭᠡᠨ ᠤ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠵᠦ ᠂ ᠨᠠᠮ ᠤᠨ ᠰᠤᠷᠭᠠᠭᠤᠯᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠡᠢ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号