7 ᠰᠠᠷ᠎ᠠ ᠶᠢᠨ 22 ᠤᠨ ᠡᠳᠦᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ | ᠣᠷᠳᠣᠨ 2024 ᠣᠨ ᠤ 9 ᠳ᠋ᠤᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠬᠤᠰᠢᠭᠤᠨ ᠤ | ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠬᠤᠷᠠᠯ ᠡᠷᠭᠢᠯᠡᠵᠦ᠂ | ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠯᠢᠦ ᠶᠢᠨ ᠱᠧᠩ᠂ ᠶᠠᠩ ᠧᠨ ᠵᠧᠨ᠂ ᠯᠢ ᠶᠠᠨ ᠬᠤᠸᠠ᠂ | ᠸᠠᠩ ᠶᠢᠨ ᠴᠢᠶᠠᠩ᠂ ᠰᠢᠶᠠᠩ ᠭᠦᠸᠧ ᠸᠧᠶ᠂ ᠯᠢ ᠸᠧᠶ ᠮᠢᠩ᠂ ᠱᠤᠸᠠᠩ ᠵᠦ ᠬᠤᠷᠠᠯ ᠳᠤ ᠣᠷᠣᠯᠴᠠᠵᠤ᠂ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠦ ᠢᠦᠶ ᠰᠢᠨ ᠬᠤᠷᠠᠯ ᠳᠤ ᠰᠤᠯᠠ | ᠣᠷᠣᠯᠴᠠᠵᠠᠶ᠃ | | | | ᠬᠤᠷᠠᠯ ᠠᠴᠠ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ | ᠬᠠᠤᠯᠢ︾᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ | ᠬᠠᠤᠯᠢ︾ ᠶᠢ ᠰᠤᠷᠤᠯᠴᠠᠵᠤ᠂ ᠪᠦᠬᠦ ᠨᠠᠮ ᠤᠨ ᠭᠡᠰᠢᠭᠦᠨ ᠺᠠᠳ᠋ᠷᠴᠤᠳ ᠢ ᠦᠵᠡᠯ ᠰᠠᠨᠠᠭ᠎ᠠ ᠲᠠᠨᠢᠯᠲᠠ ᠪᠠᠨ ᠤᠯᠠᠮ | ᠨᠢᠭᠡ ᠠᠯᠬᠤᠮ ᠳᠡᠭᠡᠭᠰᠢᠯᠡᠭᠦᠯᠵᠦ᠂ ᠬᠠᠤᠯᠢᠵᠢᠯ ᠤᠨ ᠤᠬᠠᠮᠰᠠᠷ ᠢᠶᠠᠨ ᠴᠢᠩᠭᠠᠳᠬᠠᠵᠤ᠂ ᠠᠶᠤᠯᠭᠦᠢ | ᠦᠢᠯᠡᠳᠪᠦᠷᠢᠯᠡᠯ ᠤᠨ ᠬᠥᠪᠴᠢ ᠶᠢ ᠴᠢᠩᠭᠠᠯᠠᠵᠤ᠂ ᠭᠡᠨᠡᠳᠲᠡ ᠶᠢᠨ ᠬᠡᠷᠡᠭ ᠢ ᠬᠠᠤᠯᠢ ᠶᠣᠰᠣᠭᠠᠷ ᠠᠷᠭᠠᠴᠠᠭᠠᠨ | ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠵᠤ᠂ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ | ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠦ | ᠱᠠᠭᠠᠷᠳᠠᠪᠠ᠃ | ᠬᠤᠷᠠᠯ ᠠᠴᠠ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ᠂ ᠡᠯ᠎ᠡ | ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠠᠮᠤᠷ ᠲᠦᠪᠰᠢᠨ ᠤᠤᠭᠤᠬᠤ ᠤᠰᠤ᠂ ᠰᠤᠮᠤ ᠪᠠᠯᠭᠠᠰᠤᠨ ᠤ | ᠨᠠᠰᠤᠵᠢᠯ ᠤᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠥᠪ ᠤᠨ ᠪᠥᠲᠥᠭᠡᠨ ᠪᠠᠶᠢᠭᠤᠯᠤᠯᠲᠠ ᠶᠢ ᠰᠤᠳᠤᠯᠵᠤ᠂ | 2024 ᠣᠨ ᠤ ᠬᠤᠲᠠ ᠶᠢᠨ ᠱᠠᠲᠤᠨ ᠤ ᠪᠠᠯᠠ ᠮᠥᠩᠭᠦ ᠶᠢ ᠵᠣᠯᠭᠠᠭᠤᠯᠬᠤ ᠪᠠᠯᠠ ᠮᠥᠩᠭᠦ᠂ ᠬᠤᠰᠢᠭᠤᠨ ᠤ | ᠱᠠᠲᠤᠨ ᠤ ᠪᠠᠯᠠ ᠮᠥᠩᠭᠦ ᠶᠢᠨ ᠲᠥᠷᠥᠯ ᠵᠦᠢᠯ ᠵᠡᠷᠭᠡ ᠬᠤᠯᠪᠣᠭᠳᠠᠯ ᠪᠥᠬᠦᠶ ᠤᠴᠢᠷ ᠶᠠᠪᠤᠳᠠᠯ ᠳᠤ ᠲᠣᠬᠢᠷᠠᠭᠤᠯᠤᠯᠲᠠ | ᠬᠢᠵᠦ᠂ ᠮᠠᠯᠵᠢᠬᠤ ᠲᠠᠷᠢᠶᠠᠯᠠᠬᠤ ᠣᠷᠣᠨ᠂ ᠰᠤᠷᠭᠠᠭᠤᠯᠢ ᠶᠢᠨ ᠠᠮᠤᠷ ᠲᠦᠪᠰᠢᠨ ᠤᠤᠭᠤᠬᠤ ᠤᠰᠤᠨ ᠤ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠤᠰᠤᠨ ᠤ ᠴᠢᠨᠠᠷ ᠢ ᠪᠠᠶᠢᠴᠠᠭᠠᠨ ᠬᠡᠮᠵᠢᠵᠦ ᠬᠢᠨᠠᠨ | ᠬᠡᠮᠵᠢᠬᠦ ᠰᠢᠰᠲ᠋ᠧᠮ ᠢ ᠪᠦᠷᠢᠨᠰᠢᠬᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠠᠵᠢᠯᠯᠠᠭᠠᠨ ᠤ ᠬᠠᠮᠢᠶᠠᠷᠤᠨ | ᠬᠠᠮᠠᠭᠠᠯᠠᠬᠤ ᠲᠣᠭᠲᠠᠴᠠ ᠶᠢ ᠰᠢᠯᠢᠳᠡᠭᠵᠢᠭᠦᠯᠦᠨ᠂ ᠤᠰᠤ ᠳᠠᠮᠵᠢᠭᠤᠯᠬᠤ ᠵᠠᠩᠭᠢᠯᠠᠭ᠎ᠠ ᠶᠢᠨ ᠭᠤᠭᠴᠤᠭ᠎ᠠ ᠶᠢ | ᠨᠡᠪᠲᠡᠷᠡᠭᠦᠯᠵᠦ᠂ ᠡᠷᠦᠬᠡ ᠳᠤ ᠨᠡᠪᠳᠡᠷᠡᠬᠦ ᠤᠰᠤ ᠳᠠᠮᠵᠢᠭᠤᠯᠬᠤ ᠲᠣᠤᠷ ᠢ ᠨᠢᠭᠲᠠ ᠰᠦᠯᠵᠢᠵᠦ᠂ ᠮᠠᠯᠵᠢᠬᠤ | ᠲᠠᠷᠢᠶᠠᠯᠠᠬᠤ ᠣᠷᠣᠨ ᠤ ᠰᠠᠭᠤᠭᠠᠯᠢ ᠠᠷᠠᠳ᠂ ᠰᠤᠷᠤᠭᠴᠢᠳ ᠤᠨ ᠤᠤᠭᠤᠬᠤ ᠤᠰᠤᠨ ᠤ ᠠᠮᠤᠷ ᠲᠦᠪᠰᠢᠨ ᠤ | ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠲᠠᠷᠢᠶᠠᠯᠠᠩ ᠤᠨ ᠤᠰᠤᠨ ᠤ ᠦᠨ᠎ᠡ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠤᠨ ᠬᠡᠷᠡᠭᠵᠢᠭᠦᠯᠬᠦ ᠲᠥᠰᠦᠯ︾᠂ ︽ᠬᠤᠷᠴᠢᠨ ᠵᠡᠭᠦᠨ ᠭᠠᠷᠤᠨ | ᠬᠤᠶᠢᠲᠤ ᠬᠤᠰᠢᠭᠤᠨ ᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠨᠠᠷᠢᠯᠢᠭ | ᠣᠨᠣᠴᠠᠲᠠᠶ ᠨᠥᠬᠦᠪᠥᠷᠢ ᠥᠭᠬᠦ ᠪᠠ ᠤᠰᠤ ᠠᠷᠪᠢᠯᠠᠭᠰᠠᠨ ᠢ ᠱᠠᠩᠨᠠᠬᠤ ᠠᠷᠭ᠎ᠠ︾ ᠶᠢ ᠬᠢᠨᠠᠨ ᠵᠥᠪᠯᠡᠵᠦ ᠪᠠᠲᠤᠯᠠᠨ᠂ | ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ | ᠠᠬᠢᠭᠤᠯᠵᠤ᠂ ᠤᠰᠤᠨ ᠤ ᠦᠨ᠎ᠡ ᠶᠢᠨ ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠳᠤᠮᠳᠠᠬᠢ ᠬᠥᠰᠢᠭᠦᠷᠭᠡ ᠶᠢᠨ | ᠦᠢᠯᠡᠳᠦᠯ ᠢ ᠭᠦᠢᠴᠡᠳ ᠪᠠᠳᠠᠷᠠᠭᠤᠯᠤᠨ᠂ ᠲᠠᠷᠢᠶᠠᠯᠠᠩ ᠳᠤ ᠬᠡᠷᠡᠭᠯᠡᠬᠦ ᠤᠰᠤᠨ ᠤ ︽ᠠᠵᠢᠯ︾ ᠢ ᠰᠠᠶᠢᠲᠤᠷ ᠬᠢᠵᠦ᠂ | ᠥᠭᠡᠷᠡᠴᠢᠯᠡᠯᠲᠡ ᠶᠢᠨ ᠠᠵᠢᠯ ᠤᠨ ᠦᠷ᠎ᠡ ᠪᠦᠲᠦᠮᠵᠢ ᠶᠢ ᠦᠨᠡᠨᠬᠦ ᠪᠠᠲᠤᠯᠠᠵᠤ᠂ ᠤᠰᠤ ᠶᠢ ᠠᠷᠪᠢᠯᠠᠨ ᠬᠡᠷᠡᠭᠯᠡᠬᠦ ᠪᠠ | ᠲᠠᠷᠢᠶᠠᠴᠢᠳ ᠢ ᠬᠠᠪᠰᠤᠷᠤᠨ ᠣᠷᠣᠯᠭ᠎ᠠ ᠶᠢ ᠨᠡᠮᠡᠭᠳᠡᠭᠦᠯᠬᠦ ︽ᠬᠤᠶᠠᠷ ᠲᠠᠯ᠎ᠠ ᠪᠠᠷ ᠢᠶᠠᠨ ᠠᠰᠢᠭ ᠭᠥᠷᠳᠡᠬᠦ︾ ᠶᠢ | ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | |