7 ᠰᠠᠷ᠎ᠠ ᠶᠢᠨ 22 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ | ᠳᠠᠷᠤᠭ᠎ᠠ ᠭᠦᠸᠧ ᠲᠢᠶᠠᠨ ᠪᠦᠦ ᠪᠥᠬᠦ ᠬᠤᠰᠢᠭᠤᠨ ᠤ ᠠᠵᠤ ᠠᠬᠤᠶ ᠶᠢᠨ ᠡᠷᠭᠢᠯᠳᠡ ᠶᠢᠨ ᠲᠣᠬᠢᠷᠠᠭᠤᠯᠤᠯᠲᠠ ᠶᠢᠨ | ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠪᠥᠬᠦ ᠬᠤᠰᠢᠭᠤᠨ ᠤ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠡᠷᠬᠢᠯᠳᠡ ᠶᠢᠨ ᠪᠠᠶᠢᠳᠠᠯ ᠢ | ᠰᠣᠨᠣᠰᠴᠤ᠂ ᠣᠳᠣᠬᠠᠨ ᠤ ᠠᠵᠤ ᠠᠬᠤᠶ ᠶᠢᠨ ᠪᠠᠶᠢᠳᠠᠯ ᠢ ᠰᠤᠳᠤᠯᠤᠨ ᠮᠠᠭᠠᠳᠯᠠᠵᠤ᠂ ᠣᠷᠣᠰᠢᠵᠤ ᠪᠠᠶᠢᠭ᠎ᠠ | ᠠᠰᠠᠭᠤᠳᠠᠯ ᠵᠢᠴᠢ ᠰᠢᠯᠲᠠᠭᠠᠨ ᠢ ᠭᠦᠨᠵᠡᠭᠡᠶ ᠵᠠᠳᠠᠯᠵᠤ᠂ ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ | ᠬᠤᠰᠢᠭᠤᠨ ᠳᠠᠷᠤᠭ᠎ᠠ ᠯᠢᠦ ᠶᠢᠨ ᠱᠧᠩ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ | ᠱᠤᠸᠠᠩ ᠵᠦ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠶ᠃ | | | | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠨᠢᠭᠡ ᠰᠡᠳᠬᠢᠯ ᠨᠢᠭᠡ | ᠵᠣᠷᠢᠭ ᠢᠶᠠᠷ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠬᠢᠨᠠᠨ ᠬᠡᠮᠵᠢᠵᠦ ᠵᠠᠳᠠᠯᠤᠯᠲᠠ ᠬᠢᠬᠦ ᠪᠠᠨ ᠴᠢᠩᠭᠠᠳᠬᠠᠵᠤ᠂ | ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠠᠵᠤ ᠠᠬᠤᠢ ᠶᠢᠨ ᠬᠥᠭᠵᠢᠯᠲᠡ ᠶᠢᠨ ᠲᠣᠭᠲᠠᠭᠤᠨ ᠡᠷᠡᠭᠦᠯ ᠪᠠᠶᠢᠵᠤ | ᠵᠢᠱᠢᠯᠲᠡ ᠲᠠᠢ ᠨᠡᠶᠢᠴᠡᠬᠦ ᠶᠢ ᠪᠠᠲᠤᠯᠠᠬᠤ ᠬᠡᠷᠡᠭᠲᠡᠢ᠃ ᠳᠠᠯᠳᠠ ᠬᠦᠴᠦᠨ ᠢ ᠠᠭᠤᠳᠠᠯᠵᠤ ᠣᠷᠣᠯᠭ᠎ᠠ ᠪᠠᠨ | ᠨᠡᠮᠡᠭᠳᠡᠭᠦᠯᠵᠦ᠂ ᠭᠠᠶᠢᠯᠢ ᠶᠢᠨ ᠢᠷᠡᠯᠲᠡ ᠶᠢ ᠪᠤᠶᠢᠵᠢᠭᠤᠯᠵᠤ᠂ ᠡᠳ᠋ ᠤᠨ ᠵᠠᠰᠠᠭ ᠭᠠᠶᠢᠯᠢ ᠶᠢᠨ ᠪᠠᠲᠤᠯᠠᠭ᠎ᠠ ᠶᠢᠨ | ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠶ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠪᠣᠳᠠᠲᠠᠢ ᠠᠳᠬᠤᠵᠤ᠂ ᠲᠥᠯᠥᠪᠵᠢᠭᠦᠯᠦᠨ ᠨᠥᠭᠡᠴᠡᠯᠡᠬᠦ ᠶᠢ | ᠰᠠᠶᠢᠲᠤᠷ ᠠᠳᠬᠤᠵᠤ᠂ ᠨᠡᠩ ᠤᠯᠠᠨ ᠪᠣᠳᠠᠲᠤ ᠪᠣᠳᠠᠰ ᠤᠨ ᠪᠡᠯᠡ ᠣᠷᠣᠭᠤᠯᠤᠯᠲᠠ ᠶᠢᠨ ᠬᠡᠮᠵᠢᠶ᠎ᠡ ᠶᠢ ᠪᠤᠢ | ᠪᠣᠯᠭᠠᠬᠤ ᠶᠢ ᠪᠠᠲᠤᠯᠠᠬᠤ ᠬᠡᠷᠡᠭᠲᠡᠢ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ | ᠲᠦᠷᠦ ᠶᠢᠨ ᠪᠤᠳᠤᠯᠭ᠎ᠠ ᠶᠢᠨ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠳᠤ ᠠᠰᠢᠭ | ᠬᠦᠷᠲᠡᠭᠡᠬᠦ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠡᠵᠡᠩᠨᠡᠯᠲᠡ ᠶᠢᠨ ᠭᠤᠣᠯ | ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠲᠤᠭ᠎ᠠ ᠪᠦᠷᠢᠳᠬᠡᠯ ᠤᠨ ᠦᠢᠯᠡᠴᠢᠯᠡᠭᠡᠨ ᠤ | ᠵᠢᠯᠤᠭᠤᠳᠤᠯᠭ᠎ᠠ ᠶᠢ ᠴᠢᠩᠭᠠᠳᠬᠠᠵᠤ᠂ ᠬᠥᠮᠥᠷᠭᠡ ᠳᠤ ᠣᠷᠣᠭᠤᠯᠵᠤ ᠪᠦᠷᠢᠳᠬᠡᠬᠦ ᠠᠵᠢᠯ ᠢ ᠪᠣᠳᠠᠲᠠᠢ ᠨᠠᠷᠢᠯᠢᠭ ᠬᠢᠵᠦ᠂ | ᠪᠦᠷᠢᠳᠬᠡᠪᠡᠰᠦ ᠵᠣᠬᠢᠬᠤ ᠶᠢ ᠨᠢ ᠪᠦᠬᠦᠨ ᠢ ᠪᠦᠷᠢᠳᠬᠡᠬᠦ᠂ ᠮᠡᠳᠡᠭᠦᠯᠪᠡᠰᠦ ᠵᠣᠬᠢᠬᠤ ᠶᠢ ᠨᠢ ᠪᠦᠬᠦᠨ ᠢ ᠮᠡᠳᠡᠭᠦᠯᠬᠦ ᠶᠢ | ᠪᠦᠬᠦ ᠬᠦᠴᠦᠨ ᠢᠶᠠᠷ ᠢᠶᠠᠨ ᠪᠠᠲᠤᠯᠠᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨᠬᠦ | ᠳᠡᠭᠡᠭᠰᠢᠯᠡᠭᠦᠯᠬᠦ ᠬᠡᠷᠡᠭᠲᠡᠢ᠃ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠢᠳᠡᠪᠬᠢᠲᠡᠢ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠠᠵᠢᠯ ᠤᠨ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ | ᠴᠢᠩᠭᠠᠳᠬᠠᠵᠤ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ | ᠭᠡᠵᠡᠢ᠃ | | |