ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ ᠥᠭᠡᠷᠡᠴᠢᠯᠡᠯᠲᠡ ᠶᠢ ᠲᠥᠯᠥᠪᠵᠢᠭᠦᠯᠦᠨ ᠠᠬᠢᠭᠤᠯᠤᠶ᠎ᠠ — ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠬᠠᠶ ᠥᠭᠦᠯᠡᠬᠦ ᠨᠢ
ᠨᠡᠶᠢᠲᠡᠯᠡᠭᠰᠡᠨ ᠴᠠᠭ᠄
2024/7/23
                          ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ     ᠥᠭᠡᠷᠡᠴᠢᠯᠡᠯᠲᠡ ᠶᠢ ᠠᠳᠬᠤᠵᠤ ᠂ ᠬᠥᠭᠵᠢᠯᠲᠡ ᠶᠢ ᠠᠬᠢᠭᠤᠯᠬᠤ ᠨᠢ ᠡᠴᠦᠰ ᠤᠨ ᠡᠴᠦᠰ   ᠲᠡᠭᠡᠨ    ᠠᠷᠠᠳ ᠲᠦᠮᠡᠨ ᠢ ᠨᠡᠩ ᠰᠠᠶᠢᠨ ᠠᠮᠢᠳᠤᠷᠠᠭᠤᠯᠬᠤ ᠶᠢᠨ ᠲᠥᠯᠥᠭᠡ ᠶᠤᠮ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ ︾ ᠨᠢ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ ᠂ ᠠᠷᠠᠳ ᠲᠦᠮᠡᠨ ᠤ ᠪᠦᠬᠦᠯᠢ ᠴᠣᠭᠴᠠ ᠶᠢᠨ ᠠᠰᠢᠭ ᠲᠤᠰᠠ ᠂ ᠦᠨᠳᠦᠰᠦᠨ ᠠᠰᠢᠭ ᠲᠤᠰᠠ ᠂ ᠠᠯᠤᠰ ᠬᠡᠳᠦ ᠶᠢᠨ ᠠᠰᠢᠭ ᠲᠤᠰᠠ ᠠᠴᠠ ᠡᠭᠦᠰᠦᠨ ᠥᠭᠡᠷᠡᠴᠢᠯᠡᠯᠲᠡ ᠶᠢ ᠲᠥᠯᠥᠪᠵᠢᠭᠦᠯᠦᠨ ᠠᠬᠢᠭᠤᠯᠵᠤ ᠂ ᠮᠠᠨ ᠤ ᠨᠠᠮ ᠤᠨ ᠰᠢᠨᠵᠢ ᠴᠢᠨᠠᠷ ᠵᠣᠷᠢᠯᠲᠠ ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠭᠦᠢᠴᠡᠳ ᠢᠯᠡᠷᠡᠭᠦᠯᠵᠦ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ        ᠪᠠ   ᠠᠷᠭ᠎ᠠ    ᠶᠢᠨ ᠤᠨᠤᠯ ᠢ    ᠭᠦᠢᠴᠡᠳ ᠢᠯᠡᠷᠡᠭᠦᠯᠵᠡᠢ᠃       ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠠᠴᠠ ᠨᠠᠭᠠᠰᠢ ᠂ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶ᠎ᠠ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠨ ᠥᠭᠡᠷᠡᠴᠢᠯᠡᠯᠲᠡ ᠶᠢ ᠠᠬᠢᠭᠤᠯᠵᠤ ᠂ ᠠᠷᠠᠳ ᠲᠦᠮᠡᠨ ᠤ ᠠᠰᠢᠭ ᠲᠤᠰᠠ ᠶᠢ ᠢᠮᠠᠭᠲᠠ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ ᠂ ᠠᠷᠠᠳ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ ᠠᠳᠬᠤᠨ ᠭᠤᠤᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠠᠬᠢᠭᠤᠯᠪᠠ᠃ ︽ ᠡᠪᠡᠳᠴᠢᠨ ᠦᠵᠡᠭᠦᠯᠬᠦ ᠳᠤ ᠬᠦᠴᠢᠷᠲᠡᠶ ᠂ ᠡᠪᠡᠳᠴᠢᠨ ᠦᠵᠡᠭᠦᠯᠬᠦ ᠳᠤ ᠦᠨᠡᠲᠡᠶ ︾ ᠪᠠᠶᠢᠬᠤ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠦᠨ ᠤᠯᠤᠰ ᠠᠴᠠ ᠡᠮ ᠤᠨ ᠵᠦᠢᠯ ᠪᠠ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠶᠢ ᠵᠣᠬᠢᠶᠠᠨ ᠪᠠᠶᠢᠭᠤᠯᠬᠤ ᠠᠴᠠ ᠠᠪᠤᠭᠠᠳ ︽ ᠰᠠᠶᠢᠨ ᠰᠠᠶᠢᠬᠠᠨ ᠠᠮᠢ ᠠᠬᠤᠶ ᠶᠢᠨ ᠣᠷᠴᠢᠨ ᠨᠥᠬᠦᠴᠡᠯ ᠪᠣᠯ ᠬᠠᠮᠤᠭ ᠤᠨ ᠲᠦᠭᠡᠮᠡᠯ ᠠᠰᠢᠭ ᠬᠦᠷᠲᠡᠭᠡᠬᠦ ᠠᠷᠠᠳ ᠤᠨ ᠠᠮᠢᠳᠤᠷᠠᠯ ᠤᠨ ᠠᠵᠠ ᠵᠢᠷᠭᠠᠯ ᠮᠥᠨ ︾ ᠭᠡᠳᠡᠭ ᠢ ᠪᠠᠷᠢᠮᠲᠠᠯᠠᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠬᠤ ᠬᠦᠷᠲᠡᠯ᠎ᠡ ᠂ ᠡᠷᠦᠬᠡ ᠠᠮᠠ ᠶᠢᠨ ᠲᠠᠩᠰᠠ ᠶᠢᠨ ᠲᠦᠷᠢᠮ ᠤᠨ ᠥᠭᠡᠷᠡᠴᠢᠯᠡᠯᠲᠡ ᠬᠢᠵᠦ 1.4 ᠳ᠋ᠦᠩᠰᠢᠭᠤᠷ ᠲᠠᠷᠢᠶᠠᠯᠠᠩ ᠠᠴᠠ ᠰᠢᠯᠵᠢᠭᠰᠡᠨ ᠬᠥᠮᠦᠨ ᠠᠮᠠ ᠶᠢ ᠬᠤᠲᠠ ᠪᠠᠯᠭᠠᠰᠤᠨ ᠳᠤ ᠡᠷᠦᠬᠡ ᠠᠮᠠ ᠣᠷᠣᠭᠤᠯᠬᠤ ᠠᠴᠠ ᠠᠪᠤᠭᠠᠳ ᠂ ᠬᠠᠤᠯᠢ ᠪᠠᠷᠢᠬᠤ ᠪᠠᠶᠢᠭᠤᠯᠤᠯ ᠤᠨ ᠥᠭᠡᠷᠡᠴᠢᠯᠡᠯᠲᠡ ᠬᠢᠵᠦ ᠬᠠᠤᠯᠢ ᠪᠠᠷᠢᠬᠤ ᠬᠡᠷᠡᠭ ᠨᠢᠭᠡᠪᠦᠷᠢ ᠠᠴᠠ ᠠᠷᠠᠳ ᠣᠯᠠᠨ ᠳᠤ ᠲᠥᠪ ᠭᠤᠤᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠠᠷ ᠴᠢᠷᠮᠠᠶᠢᠬᠰᠠᠨ ᠬᠦᠷᠲᠡᠯ᠎ᠡ ᠁ ᠠᠷᠠᠳ ᠤᠨ ᠰᠡᠳᠬᠢᠯ ᠳᠤ ᠨᠡᠶᠢᠴᠡᠭᠦᠯᠦᠨ ᠂ ᠠᠷᠠᠳ ᠤᠨ ᠰᠠᠨᠠᠭ᠎ᠠ ᠶᠢ ᠬᠦᠨᠳᠦᠳᠬᠡᠵᠦ ᠂ ᠠᠷᠠᠳ ᠤᠨ ᠰᠡᠳᠬᠢᠯ ᠢ ᠬᠠᠯᠠᠮᠵᠢᠯᠠᠨ ᠂ ᠠᠷᠠᠳ ᠤᠨ ᠠᠮᠢᠳᠤᠷᠠᠯ ᠳᠤ ᠬᠦᠴᠦ ᠪᠠᠨ ᠡᠷᠭᠦᠵᠦ ᠂ ᠥᠭᠡᠷᠡᠴᠢᠯᠡᠯᠲᠡ ᠪᠠᠷ ᠳᠠᠮᠵᠢᠭᠤᠯᠤᠨ ᠠᠷᠠᠳ ᠣᠯᠠᠨ ᠳᠤ ᠨᠠᠩ ᠣᠯᠠᠨ ᠪᠣᠳᠠᠲᠠᠶ ᠠᠰᠢᠭ ᠲᠤᠰᠠ ᠣᠯᠭᠤᠭᠰᠠᠨ ᠪᠠᠶᠢᠨ᠎ᠠ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ ᠥᠭᠡᠷᠡᠴᠢᠯᠡᠯᠲᠡ ᠶᠢ ᠲᠥᠯᠥᠪᠵᠢᠭᠦᠯᠦᠨ ᠠᠬᠢᠭᠤᠯᠵᠤ ᠂ ᠥᠭᠡᠷᠡᠴᠢᠯᠡᠯᠲᠡ ᠶᠢᠨ ᠲᠥᠰᠦᠯ ᠤᠨ ᠦᠨ᠎ᠡ ᠴᠠᠨ᠎ᠠ ᠶᠢ ᠭᠦᠢᠴᠡᠳ ᠢᠯᠡᠷᠡᠭᠦᠯᠵᠦ ᠂ ᠥᠭᠡᠷᠡᠴᠢᠯᠡᠯᠲᠡ ᠶᠢ ᠬᠥᠭᠵᠢᠯᠲᠡ ᠶᠢᠨ ᠬᠡᠷᠡᠭᠴᠡᠭᠡ ᠂ ᠦᠨᠳᠦᠰᠦᠨ ᠱᠠᠲᠤᠨ ᠤ ᠬᠦᠰᠡᠯ ᠂ ᠠᠷᠠᠳ ᠤᠨ ᠰᠡᠳᠬᠢᠯ ᠤᠨ ᠬᠠᠨᠳᠤᠰᠢ ᠲᠠᠢ ᠨᠡᠩ ᠰᠠᠶᠢᠲᠤᠷ ᠵᠣᠯᠭᠠᠭᠤᠯᠵᠤ ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠬᠠᠮᠤᠭ ᠤᠨ ᠪᠠᠲᠤ ᠴᠢᠩᠭ᠎ᠠ ᠲᠦᠰᠢᠭ ᠂ ᠬᠠᠮᠤᠭ ᠤᠨ ᠬᠦᠴᠦᠷᠬᠡᠭ ᠶᠡᠭᠡ ᠢᠳᠡ ᠬᠦᠴᠦᠨ ᠂ ᠬᠠᠮᠤᠭ ᠤᠨ ᠰᠦᠷ ᠳᠠᠯᠠᠶᠢᠴᠠᠲᠠᠢ ᠬᠥᠳᠡᠯᠭᠡᠬᠦ ᠬᠦᠴᠦᠨ ᠲᠠᠢ      ᠪᠤᠯᠭᠠᠬᠰᠠᠨ ᠢ ᠦᠢᠯᠡᠳᠦᠯᠭᠡ ᠭᠦᠢᠴᠡᠳ ᠭᠡᠷᠡᠴᠢᠯᠡᠪᠡ᠃    ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢᠬᠢ ᠢᠯᠠᠩᠭᠤᠶ᠎ᠠ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ ᠶᠢ ᠳ᠋ᠦᠩᠨᠡᠨ ᠬᠡᠷᠡᠭᠯᠡᠵᠦ ᠂ ᠡᠨᠡ ᠤᠳᠠᠭᠠᠨ ᠤ ᠪᠦᠭᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ ᠲᠤᠤᠱᠯᠠᠭᠤᠯᠬᠤ ᠬᠡᠷᠡᠭᠲᠡᠢ ︽ ᠵᠢᠷᠭᠤᠭ᠎ᠠ ᠶᠢ ᠪᠠᠷᠢᠮᠲᠠᠯᠠᠬᠤ ︾ ᠴᠢᠬᠤᠯᠠ ᠶᠡᠭᠡ ᠵᠠᠷᠴᠢᠮ ᠢ ᠳᠤᠷᠠᠳᠤᠨ ᠭᠠᠷᠭᠠᠪᠠ ᠂ ︽ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠬᠤ ︾ ᠪᠣᠯ ᠶᠠᠭ ᠡᠭᠦᠨ ᠤ ᠳᠣᠲᠣᠷᠠᠬᠢ ᠴᠢᠬᠤᠯᠠ ᠨᠢᠭᠡ ᠵᠦᠢᠯ ᠪᠣᠯᠤᠨ᠎ᠠ᠃ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ ᠤᠯᠠᠨ ᠠᠷᠠᠳ ᠲᠦᠮᠡᠨ ᠲᠠᠢ ᠬᠠᠮᠲᠤ ᠪᠠᠷ ᠡᠳ᠋ᠯᠡᠬᠦ ᠪᠣᠯ ᠨᠡᠶᠢᠭᠡᠮ ᠵᠢᠷᠤᠮ ᠤᠨ ᠮᠥᠨ ᠴᠢᠨᠠᠷ ᠤᠨ ᠱᠠᠭᠠᠷᠳᠠᠯᠭ᠎ᠠ ᠮᠥᠨ ᠂ ᠨᠡᠶᠢᠭᠡᠮ ᠵᠢᠷᠤᠮᠲᠤ ᠪᠠᠶᠢᠭᠤᠯᠤᠯ ᠤᠨ ᠳᠠᠪᠠᠭᠤᠯᠢᠭ ᠤᠨ ᠲᠥᠪᠯᠡᠷᠡᠩᠭᠦᠢ ᠢᠯᠡᠷᠡᠯ ᠮᠥᠨ ᠭᠡᠳᠡᠭ ᠢ ᠡᠷᠬᠡᠪᠰᠢ ᠭᠦᠨᠵᠡᠭᠡᠢ ᠲᠠᠨᠢᠬᠤ ᠬᠡᠷᠡᠭᠲᠡᠢ᠃ ᠥᠭᠡᠷᠡᠴᠢᠯᠡᠯᠲᠡ ᠨᠡᠭᠡᠭᠡᠯᠳᠡ ᠶᠢᠨ ᠲᠠᠨᠢᠯᠲᠠ ᠪᠠ ᠦᠢᠯᠡᠳᠦᠯᠭᠡ ᠶᠢᠨ ᠲᠠᠯ᠎ᠠ ᠪᠠᠷ ᠬᠢ ᠤᠳᠠᠭ᠎ᠠ ᠪᠦᠷᠢ ᠶᠢᠨ ᠰᠢᠪᠲᠤᠯᠤᠯᠲᠠ ᠪᠠ ᠭᠦᠨᠵᠡᠭᠡᠶᠢᠷᠡᠯ ᠂ ᠥᠭᠡᠷᠡᠴᠢᠯᠡᠯᠲᠡ ᠨᠡᠭᠡᠭᠡᠯᠳᠡ ᠶᠢᠨ ᠳᠤᠮᠳᠠᠬᠢ ᠰᠢᠨ᠎ᠡ ᠬᠡᠷᠡᠭ ᠪᠣᠳᠠᠰ ᠨᠢᠭᠡᠪᠦᠷᠢ ᠶᠢᠨ ᠡᠭᠦᠰᠦᠯ ᠪᠠ ᠬᠥᠭᠵᠢᠯᠲᠡ ᠂ ᠥᠭᠡᠷᠡᠴᠢᠯᠡᠯᠲᠡ ᠨᠡᠭᠡᠭᠡᠯᠳᠡ ᠶᠢᠨ ᠬᠦᠷᠢᠶ᠎ᠡ ᠪᠠ ᠭᠤᠭᠴᠤᠭ᠎ᠠ ᠨᠢᠭᠡᠪᠦᠷᠢ ᠶᠢᠨ ᠲᠤᠷᠰᠢᠯᠭ᠎ᠠ ᠶᠢᠨ ᠡᠭᠦᠳᠦᠯᠲᠡ ᠪᠠ ᠬᠤᠷᠠᠮᠳᠤᠭᠤᠯᠤᠯ ᠨᠢ ᠴᠥᠮ ᠲᠦᠭ ᠲᠦᠮᠡᠨ   ᠠᠷᠠᠳ   ᠲᠦᠮᠡᠨ   ᠤ ᠤᠶᠤᠨ    ᠤᠬᠠᠭᠠᠨ   ᠪᠠ ᠦᠢᠯᠡᠳᠦᠯᠭᠡ ᠠᠴᠠ ᠢᠷᠡᠭᠰᠡᠨ ᠶᠤᠮ᠃ ᠰᠢᠨ᠎ᠡ ᠠᠶᠠᠨ ᠳᠤ ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠦᠷᠳᠡᠭ ᠤᠨ ᠬᠠᠨᠳᠤᠰᠢ ᠶᠢ ᠪᠠᠲᠤ ᠡᠵᠡᠮᠳᠡᠵᠦ ᠂ ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠤᠯ ᠥᠭᠡᠷᠡᠴᠢᠯᠡᠯᠲᠡ ᠬᠠᠷᠢᠭᠤ ᠲᠤᠰᠬᠠᠯ ᠲᠠᠢ ᠪᠠᠶᠢᠬᠤ ᠶᠢ ᠪᠠᠷᠢᠮᠲᠠᠯᠠᠵᠤ ᠂ ᠥᠭᠡᠷᠡᠴᠢᠯᠡᠯᠲᠡ ᠨᠢ ᠠᠷᠠᠳ ᠲᠦᠮᠡᠨ ᠤ ᠲᠥᠯᠥᠭᠡ ᠂ ᠥᠭᠡᠷᠡᠴᠢᠯᠡᠯᠲᠡ ᠨᠢ ᠠᠷᠠᠳ ᠲᠦᠮᠡᠨ ᠳᠤ ᠲᠦᠰᠢᠭᠯᠡᠬᠦ ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠲᠠᠢ ᠬᠠᠮᠲᠤ ᠪᠠᠷ ᠡᠳ᠋ᠯᠡᠬᠦ ᠶᠢ ᠪᠡᠶᠡᠯᠡᠭᠦᠯᠪᠡᠯ ᠥᠭᠡᠷᠡᠴᠢᠯᠡᠯᠲᠡ ᠨᠢ ᠢᠮᠠᠭᠲᠠ ᠠᠷᠠᠳ ᠤᠯᠠᠨ ᠤ ᠴᠢᠩ ᠰᠡᠳᠬᠢᠯ ᠤᠨ ᠬᠦᠷᠢᠶᠡᠯᠡᠯ ᠢ ᠤᠯᠬᠤ ᠶᠢ ᠪᠠᠲᠤᠯᠠᠵᠤ  ᠴᠢᠳᠠᠨ᠎ᠠ᠃     ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠦᠬᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠣᠳᠣᠬᠢᠴᠢᠯᠠᠯᠲᠠ ᠮᠥᠨ ᠂ ᠬᠥᠭᠵᠢᠭᠦᠯᠬᠦ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ ᠶᠡᠭᠡ ᠡᠭᠦᠷᠭᠡ ᠮᠥᠨ᠃ ᠮᠠᠨ ᠤ ᠤᠯᠤᠰ ᠤᠨ ᠨᠡᠶᠢᠭᠡᠮ ᠤᠨ ᠭᠤᠤᠯ ᠵᠥᠷᠢᠴᠡᠯ ᠨᠢᠭᠡᠨᠲᠡ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠪᠣᠯᠤᠨ ᠲᠡᠩᠴᠡᠭᠦᠷᠢ ᠥᠬᠡᠶ ᠬᠦᠢᠴᠡᠳ ᠥᠬᠡᠶ ᠬᠥᠭᠵᠢᠯᠲᠡ ᠶᠢᠨ ᠬᠤᠭᠤᠷᠣᠨᠳᠣᠬᠢ ᠵᠥᠷᠢᠴᠡᠯ ᠪᠤᠯᠤᠨ ᠬᠤᠪᠢᠷᠠᠵᠤ ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠲᠤᠯᠭᠠᠷᠠᠵᠤ ᠪᠠᠶᠢᠭ᠎ᠠ ᠲᠣᠪᠤᠶᠢᠮ᠎ᠠ ᠠᠰᠠᠭᠤᠳᠠᠯ ᠨᠢ ᠮᠥᠨ ᠬᠦ ᠬᠥᠭᠵᠢᠯᠲᠡ ᠲᠡᠩᠴᠡᠭᠦᠷᠢ ᠥᠬᠡᠶ ᠬᠦᠢᠴᠡᠳ ᠥᠬᠡᠶ ᠪᠠᠶᠢᠬᠤ ᠂ ᠬᠤᠲᠠ ᠬᠥᠳᠡᠭᠡ ᠣᠷᠣᠨ ᠪᠦᠰᠡ ᠶᠢᠨ ᠬᠥᠭᠵᠢᠯᠲᠡ ᠪᠣᠯᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠵᠥᠷᠢᠶ᠎ᠡ ᠮᠥᠨ ᠬᠦ ᠨᠡᠯᠢᠶᠡᠳ ᠶᠡᠭᠡ ᠪᠠᠶᠢᠬᠤ ᠂ ᠠᠷᠠᠳ ᠤᠨ ᠠᠮᠢᠳᠤᠷᠠᠯ ᠤᠨ ᠪᠠᠲᠤᠯᠠᠭ᠎ᠠ ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠳᠤ ᠮᠥᠨ ᠬᠦ ᠳᠤᠲᠠᠭᠤᠳᠠᠯ ᠣᠷᠣᠰᠢᠵᠤ ᠪᠠᠶᠢᠬᠤ ᠶᠠᠪᠤᠳᠠᠯ ᠪᠤᠯᠤᠨ᠎ᠠ᠃ ᠡᠨᠡ ᠤᠳᠠᠭ᠎ᠠ ᠶᠢᠨ ᠪᠥᠬᠦᠳᠡ ᠬᠤᠷᠠᠯ ᠨᠢ ᠠᠷᠠᠳ ᠣᠯᠠᠨ ᠤ ᠰᠢᠨ᠎ᠡ ᠬᠦᠰᠡᠯ ᠡᠷᠡᠮᠡᠯᠵᠡᠯ ᠳᠤ ᠨᠡᠶᠢᠴᠡᠭᠦᠯᠦᠨ ᠂ ᠥᠭᠡᠷᠡᠴᠢᠯᠡᠯᠲᠡ ᠶᠢ ᠦᠷᠭᠦᠯᠵᠢᠯᠡᠨ ᠤᠷᠤᠭᠰᠢ ᠠᠬᠢᠭᠤᠯᠤᠬᠰᠠᠨ ᠨᠢ ᠶᠠᠭ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ ᠂ ᠣᠳᠣᠬᠢᠴᠢᠯᠠᠯᠳᠠ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠥᠬᠦ ᠠᠷᠠᠳ ᠲᠦᠮᠡᠨ ᠳᠤ ᠨᠠᠩ ᠣᠯᠠᠨ ᠨᠠᠩ ᠭᠤᠤᠯᠴᠢ ᠪᠠᠷ ᠬᠦᠷᠲᠡᠭᠡᠬᠦ ᠶᠢᠨ ᠵᠠᠶᠢᠯᠠᠰᠢ ᠥᠬᠡᠶ ᠱᠠᠭᠠᠷᠳᠠᠯᠭ᠎ᠠ ᠮᠥᠨ ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠂ ᠮᠠᠨ ᠤ ᠤᠯᠤᠰ ᠤᠨ ᠨᠡᠶᠢᠭᠡᠮ ᠤᠨ ᠭᠤᠤᠯ ᠵᠥᠷᠢᠴᠡᠯ ᠤᠨ ᠬᠤᠪᠢᠷᠠᠯᠲᠠ ᠳᠤ ᠨᠠᠩ ᠰᠠᠶᠢᠲᠤᠷ ᠵᠣᠬᠢᠴᠠᠬᠤ ᠶᠢᠨ ᠲᠤᠯᠭᠠᠮ ᠱᠠᠭᠠᠷᠳᠠᠯᠭ᠎ᠠ ᠮᠥᠨ᠃ ᠪᠦᠬᠦᠳᠡ ᠬᠤᠷᠠᠯ ᠨᠢ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠬᠤ ᠂ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ ᠪᠠᠷ ᠡᠭᠦᠰᠦᠯᠲᠡ ᠪᠠ ᠦᠷ᠎ᠡ ᠳ᠋ᠦᠩ ᠪᠣᠯᠭᠠᠵᠤ ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠲᠦᠷᠢᠮ ᠢ ᠲᠡᠭᠦᠯᠳᠡᠷᠵᠢᠭᠦᠯᠬᠦ ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠬᠦ ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠬᠦᠯᠬᠦ ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠂ ᠬᠥᠮᠦᠨ ᠠᠮᠠ ᠶᠢᠨ ᠬᠥᠭᠵᠢᠯᠲᠡ ᠶᠢ ᠳᠡᠮᠵᠢᠬᠦ ᠪᠠ ᠦᠢᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠬᠦ ᠲᠤᠬᠠᠢ ᠠᠯᠢ ᠤᠯᠠᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠡᠳᠡᠭᠡᠷ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠪᠠᠯ ᠯᠠᠪᠲᠠᠢ ᠠᠷᠠᠳ ᠲᠦᠮᠡᠨ ᠳᠤ ᠲᠠᠰᠤᠷᠠᠯᠳᠠ ᠦᠭᠡᠢ ᠪᠤᠶᠠᠨ ᠦᠢᠯᠡᠳᠬᠦ ᠪᠣᠯᠤᠨ᠎ᠠ᠃      ︽ ᠠᠷᠠᠳ ᠲᠦᠮᠡᠨ ᠤ ᠲᠥᠯᠥᠭᠡ ᠥᠭᠡᠷᠡᠴᠢᠯᠡᠯᠲᠡ ᠬᠢᠪᠡᠯ ᠥᠭᠡᠷᠡᠴᠢᠯᠡᠯᠲᠡ ᠰᠠᠶ᠋ᠢ ᠠᠴᠢ ᠬᠤᠯᠪᠣᠭᠳᠠᠯ ᠲᠠᠢ ᠶᠤᠮ︔ ᠠᠷᠠᠳ ᠲᠦᠮᠡᠨ ᠳᠤ ᠲᠦᠰᠢᠭᠯᠡᠨ ᠥᠭᠡᠷᠡᠴᠢᠯᠡᠯᠲᠡ ᠬᠢᠪᠡᠯ ᠥᠭᠡᠷᠡᠴᠢᠯᠡᠯᠲᠡ ᠰᠠᠶ᠋ᠢ ᠬᠥᠳᠡᠯᠭᠡᠬᠦ ᠬᠦᠴᠦᠨ ᠲᠠᠢ ᠪᠠᠶᠢᠵᠤ ᠴᠢᠳᠠᠨ᠎ᠠ ︾᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠬᠤ ᠳᠤ ᠂ ︽ ᠠᠷᠠᠳ ᠤᠯᠠᠨ ᠶᠠᠭᠤ ᠶᠢ ᠬᠠᠯᠠᠮᠵᠢᠯᠠᠵᠤ ᠂ ᠶᠠᠭᠤ ᠶᠢ ᠬᠦᠰᠡᠵᠦ ᠪᠠᠶᠢᠪᠠᠯ ᠥᠭᠡᠷᠡᠴᠢᠯᠡᠯᠲᠡ ᠨᠢ ᠳᠠᠷᠤᠢ ᠲᠡᠭᠦᠨ ᠢ ᠠᠳᠬᠤᠵᠤ ᠂ ᠲᠡᠭᠦᠨ ᠢ ᠠᠬᠢᠭᠤᠯᠬᠤ ︾ ᠶᠢ ᠪᠠᠲᠤ ᠲᠣᠭᠲᠠᠭᠠᠵᠤ ᠂ ᠠᠷᠠᠳ ᠤᠨ ᠠᠮᠢᠳᠤᠷᠠᠯ ᠤᠨ ᠪᠠᠴᠢᠮ ᠱᠠᠭᠠᠷᠳᠠᠯᠭ᠎ᠠ ᠂ ᠠᠷᠠᠳ ᠤᠨ ᠰᠡᠳᠬᠢᠯ ᠤᠨ ᠬᠠᠨᠳᠤᠰᠢ ᠪᠦᠬᠦᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠢᠯᠡᠭᠦᠬᠡᠨ ᠭᠠᠷᠭᠠᠵᠤ ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠂ ᠠᠷᠠᠳ ᠤᠨ ᠰᠠᠨᠠᠭᠠᠨ ᠳᠤ ᠨᠡᠶᠢᠴᠡᠭᠦᠯᠬᠦ ᠪᠣᠳᠠᠲᠤ ᠶᠠᠪᠤᠳᠠᠯ ᠢ ᠢᠯᠡᠭᠦᠬᠡᠨ ᠬᠢᠬᠦ ᠬᠡᠷᠡᠭᠲᠡᠢ᠃ ᠪᠠᠶᠢᠴᠠᠭᠠᠨ ᠰᠤᠳᠤᠯᠤᠯᠲᠠ ᠶᠢ ᠶᠡᠭᠡ ᠪᠠᠷ ᠥᠷᠨᠢᠭᠦᠯᠵᠦ ᠂ ᠣᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠵᠤ ᠂ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠵᠤ ᠂ ᠦᠨᠳᠦᠰᠦᠨ ᠱᠠᠲᠤ ᠪᠣᠯᠤᠨ ᠣᠯᠠᠨ ᠲᠦᠮᠡᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠬᠦᠨᠳᠦᠳᠬᠡᠵᠦ ᠂ ᠣᠯᠠᠨ ᠲᠦᠮᠡᠨ ᠤ ᠪᠠᠴᠢᠮᠳᠠᠵᠦ ᠲᠦᠪᠡᠭᠳᠡᠵᠦ ᠵᠤᠪᠠᠨᠢᠵᠦ ᠬᠦᠰᠡᠵᠦ ᠪᠠᠶᠢᠭ᠎ᠠ ᠵᠦᠢᠯᠡᠰ ᠳᠤᠮᠳᠠ ᠠᠴᠠ ᠥᠭᠡᠷᠡᠴᠢᠯᠡᠯᠲᠡ ᠶᠢᠨ ᠬᠦᠴᠦᠯᠡᠬᠦ ᠴᠡᠭ ᠪᠣᠯᠤᠨ ᠰᠢᠪᠲᠤᠯᠤᠯᠲᠠ ᠶᠢᠨ ᠴᠡᠭ ᠢ ᠣᠨᠣᠪᠴᠢᠲᠠᠶ ᠣᠯᠵᠤ ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠂ ᠮᠡᠳᠡᠷᠡᠮᠵᠢ ᠶᠢ ᠨᠡᠮᠡᠭᠳᠡᠭᠦᠯᠵᠦ ᠂ ᠠᠷᠠᠳ ᠤᠨ ᠣᠶᠤᠨ ᠤᠬᠠᠭᠠᠨ ᠢ ᠲᠥᠪᠯᠡᠷᠡᠭᠦᠯᠵᠦ ᠂ ᠠᠷᠠᠳ ᠤᠨ ᠰᠡᠳᠬᠢᠯ ᠢ ᠨᠢᠭᠲᠠᠷᠠᠭᠤᠯᠵᠤ ᠂ ᠠᠷᠠᠳ ᠲᠦᠮᠡᠨ ᠳᠤ ᠴᠢᠩᠭ᠎ᠠ ᠲᠦᠰᠢᠭᠯᠡᠨ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠶ᠃     ᠳᠤᠮᠳᠠᠳᠤ ᠤᠯᠤᠰ ᠤᠨ ᠡᠪ ᠬᠠᠮᠲᠤ ᠨᠠᠮ ᠪᠣᠯ ᠠᠷᠠᠳ ᠲᠦᠮᠡᠨ ᠳᠤ ᠦᠢᠯᠡᠴᠢᠯᠡᠵᠦ ᠂ ᠠᠷᠠᠳ ᠲᠦᠮᠡᠨ ᠳᠤ ᠪᠤᠶᠠᠨ ᠦᠢᠯᠡᠳᠬᠦ ᠨᠠᠮ ᠮᠥᠨ᠃ ᠨᠠᠮ ᠤᠨ ᠠᠯᠢᠪᠠ ᠠᠵᠢᠯ ᠪᠣᠯ ᠴᠥᠮ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠵᠦ ᠂ ᠰᠠᠶᠢᠲᠤᠷ ᠬᠠᠮᠠᠭᠠᠯᠠᠵᠤ ᠂ ᠰᠠᠶᠢᠲᠤᠷ ᠬᠥᠭᠵᠢᠭᠦᠯᠬᠦ ᠶᠢᠨ ᠲᠥᠯᠥᠭᠡ ᠶᠤᠮ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠶ ᠬᠠᠷᠠᠯᠲᠠ ᠶᠢ ᠲᠣᠭᠲᠠᠭᠠᠵᠤ ᠂ ᠥᠷᠲᠡᠭ ᠤᠨ ᠬᠠᠨᠳᠤᠰᠢ ᠶᠢ ᠪᠠᠲᠤ ᠡᠵᠡᠮᠳᠡᠨ ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ ᠥᠭᠡᠷᠡᠴᠢᠯᠡᠯᠲᠡ ᠶᠢ ᠲᠥᠯᠥᠪᠵᠢᠭᠦᠯᠦᠨ ᠠᠬᠢᠭᠤᠯᠵᠤ ᠂ ᠪᠣᠳᠠᠲᠤ ᠠᠮᠵᠢᠯᠲᠠ ᠪᠣᠳᠠᠲᠤ ᠦᠷ᠎ᠡ ᠪᠦᠲᠦᠮᠵᠢ ᠪᠠ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ ᠪᠠᠷ ᠥᠭᠡᠷᠡᠴᠢᠯᠡᠯᠲᠡ ᠶᠢ ᠰᠢᠯᠭᠠᠪᠠᠯ ᠪᠢᠳᠡ ᠯᠠᠪᠲᠠᠶ ᠰᠢᠯᠭᠠᠯᠲᠠ ᠳᠤ ᠣᠷᠣᠯᠴᠠᠬᠤ ᠰᠢᠨ᠎ᠡ ᠵᠠᠮ ᠳᠡᠭᠡᠷ᠎ᠡ ᠲᠡᠦᠬᠡ ᠪᠠ ᠠᠷᠠᠳ ᠲᠦᠮᠡᠨ ᠳᠤ ᠰᠢᠨ᠎ᠡ ᠰᠢᠯᠢᠳᠡᠭ ᠬᠠᠷᠢᠭᠤᠯᠲᠠ ᠶᠢᠨ ᠬᠠᠭᠤᠳᠠᠰᠤ ᠲᠤᠰᠢᠶᠠᠵᠤ ᠴᠢᠳᠠᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号