ᠬᠤᠰᠢᠭᠤᠨ ᠤ ᠦᠶᠡᠷ ᠢ ᠰᠡᠷᠭᠡᠶᠢᠯᠡᠬᠦ ᠠᠵᠢᠯ ᠤᠨ ᠬᠤᠷᠠᠯ ︵ᠸᠢᠳᠢᠣ᠋︶ ᠬᠤᠷᠠᠯᠳᠤᠭᠰᠠᠨ
ᠨᠡᠶᠢᠲᠡᠯᠡᠭᠰᠡᠨ ᠴᠠᠭ᠄
2024/7/26
    7 ᠰᠠᠷ᠎ᠠ ᠶᠢᠨ 25 ᠤ ᠡᠳᠦᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠪᠥᠬᠦ ᠬᠤᠰᠢᠭᠤᠨ ᠤ ᠦᠶᠡᠷ ᠢ ᠰᠡᠷᠭᠡᠶᠢᠯᠡᠬᠦ ᠠᠵᠢᠯ ᠤᠨ ᠬᠤᠷᠠᠯ ︵ᠸᠢᠳᠢᠣ᠋ ᠬᠤᠷᠠᠯ︶ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠦᠩᠯᠢᠶᠣᠤ ᠬᠤᠳᠠ ᠶᠢᠨ ᠦᠶᠡᠷ ᠢ ᠰᠡᠷᠭᠡᠶᠢᠯᠡᠬᠦ ᠠᠵᠢᠯ ᠤᠨ ᠲᠤᠬᠢᠷᠠᠭᠤᠯᠤᠯᠳᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠤᠭ ᠤᠨ ᠰᠢᠨ᠎ᠡ ᠴᠠᠭ ᠠᠭᠤᠷ ᠤᠨ ᠪᠠᠶᠢᠳᠠᠯ ᠢ ᠮᠡᠳᠡᠭᠳᠡᠵᠦ᠂ ᠦᠶᠡᠷ ᠢ ᠰᠡᠷᠭᠡᠶᠢᠯᠡᠬᠦ ᠠᠵᠢᠯ ᠢ ᠲᠠᠬᠢᠨ ᠪᠠᠶᠢᠷᠢᠯᠠᠭᠤᠯᠵᠤ᠂ ᠲᠠᠬᠢᠨ ᠴᠢᠬᠤᠯᠠᠴᠢᠯᠠᠵᠤ᠂ ᠲᠠᠬᠢᠨ ᠨᠠᠶᠢᠳᠠᠪᠤᠷᠢᠵᠢᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠯᠢᠦ ᠶᠢᠨ ᠱᠧᠩ ᠬᠤᠷᠠᠯ ᠳᠤ ᠣᠷᠣᠯᠴᠠᠵᠠᠶ᠃
  科左后旗召开全旗防汛工作会议.jpg     
    ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭᠠᠨ ᠤ ᠲᠠᠯ᠎ᠠ ᠪᠠᠷ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠬᠤᠷᠢᠭ᠎ᠠ ᠱᠤᠭᠤᠮ ᠤᠨ ᠰᠡᠳᠬᠢᠬᠦᠶ ᠶᠢ ᠪᠠᠲᠤ ᠪᠠᠬᠢ ᠪᠣᠶ ᠪᠣᠯᠭᠠᠵᠤ᠂ ᠣᠳᠣᠬᠠᠨ ᠤ ᠨᠠᠷᠢᠨ ᠪᠤᠳᠤᠯᠢᠶᠠᠨᠲᠠᠶ ᠬᠦᠨᠳᠦ ᠬᠡᠴᠡᠭᠦᠦ ᠦᠶᠡᠷ ᠢ ᠰᠡᠷᠭᠡᠶᠢᠯᠡᠬᠦ ᠪᠠᠶᠢᠳᠠᠯ ᠢ ᠰᠡᠷᠭᠡᠭ ᠢᠶᠠᠷ ᠲᠠᠨᠢᠵᠤ᠂ ᠪᠠᠶᠢᠯᠳᠤᠭᠠᠨ ᠳᠤ ᠣᠷᠣᠯᠴᠠᠬᠤ ᠪᠠᠶᠢᠳᠠᠯ ᠢᠶᠠᠨ ᠪᠠᠲᠤᠯᠠᠵᠤ ᠂ ᠲᠥᠪ ᠴᠢᠩᠭ᠎ᠠ ᠣᠪᠣᠷ᠂ ᠴᠢᠩᠭ᠎ᠠ ᠪᠣᠳᠠᠲᠠᠶ ᠰᠤᠷᠲᠠᠯ᠂ ᠬᠦᠴᠦᠲᠡᠶ ᠠᠷᠭ᠎ᠠ ᠬᠡᠮᠵᠢᠶ᠎ᠡ ᠪᠠᠷ ᠦᠶᠡᠷ ᠢ ᠰᠡᠷᠭᠡᠶᠢᠯᠡᠬᠦ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ᠃ ᠢᠳᠡᠪᠬᠢᠲᠡᠢ ᠠᠷᠭᠠᠴᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ᠂ ᠴᠢᠮᠡᠭᠡ ᠬᠤᠯᠪᠣᠭᠠᠨ ᠤ ᠲᠥᠬᠦᠭᠡᠷᠦᠮᠵᠢ᠂ ᠠᠮᠢᠳᠤᠷᠠᠯ ᠤᠨ ᠡᠳ᠋ ᠪᠣᠳᠠᠰ ᠪᠣᠯᠤᠨ ᠠᠵᠢᠯᠳᠠᠨ ᠤ ᠬᠦᠴᠦᠨ ᠢ ᠭᠦᠢᠴᠡᠳ ᠪᠡᠯᠡᠳᠬᠡᠵᠦ᠂ ᠵᠠᠩᠭᠢᠯᠠᠭ᠎ᠠ ᠶᠢᠨ ᠦᠶ᠎ᠡ ᠳᠤ ᠲᠤᠯᠵᠤ ᠳᠡᠶᠢᠯᠬᠦ᠂ ᠲᠦᠷᠭᠡᠨ ᠲᠣᠬᠢᠷᠠᠭᠤᠯᠵᠤ ᠳᠡᠶᠢᠯᠬᠦ᠂ ᠬᠡᠷᠡᠭᠯᠡᠵᠦ ᠳᠡᠶᠢᠯᠬᠦ ᠶᠢ ᠪᠠᠲᠤᠯᠠᠬᠤ ᠬᠡᠷᠡᠭᠲᠡᠢ᠃ ᠥᠷᠭᠡᠨ ᠢᠶᠠᠷ ᠤᠬᠠᠭᠤᠯᠵᠤ᠂ ᠠᠷᠠᠳ ᠤᠯᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠳᠡᠭᠡᠭᠰᠢᠯᠡᠭᠦᠯᠵᠦ᠂ ᠤᠯᠠᠨ ᠲᠦᠮᠡᠨ ᠤ ᠤᠰᠤᠨ ᠳᠤ ᠬᠤᠯᠪᠣᠭᠳᠠᠬᠤ ᠠᠵᠢᠯᠯᠠᠭ᠎ᠠ ᠶᠢ ᠴᠢᠩᠭ᠎ᠠ ᠬᠠᠮᠢᠶᠠᠷᠴᠤ᠂ ᠰᠠᠨᠠᠭᠠᠨ ᠳᠤ ᠦᠭᠡᠢ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ᠃ ᠤᠳᠤᠷᠢᠳᠬᠤ ᠺᠠᠳ᠋ᠷ ᠵᠢᠵᠢᠭᠦᠷ ᠳᠠᠭᠠᠭᠤᠯᠬᠤ ᠪᠠ 24 ᠴᠠᠭ ᠢᠶᠠᠷ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠲᠠᠨ ᠤ ᠠᠵᠢᠯ ᠤᠨ ᠪᠠᠶᠢᠷᠢ ᠳᠤ ᠪᠠᠶᠢᠬᠤ᠂ ᠠᠵᠢᠯ ᠢᠶᠠᠨ ᠪᠣᠳᠠᠲᠠᠶᠢᠵᠢᠭᠤᠯᠬᠤ ᠶᠢ ᠪᠠᠲᠤᠯᠠᠵᠤ᠂ ᠠᠵᠢᠯ ᠤᠨ ᠪᠠᠶᠢᠷᠢ ᠠᠴᠠ ᠪᠠᠨ ᠰᠠᠯᠬᠤ ᠥᠬᠡᠶ᠂ ᠠᠵᠢᠯ ᠤᠨ ᠪᠠᠶᠢᠷᠢ ᠠᠴᠠ ᠪᠠᠨ ᠬᠤᠴᠣᠷᠬᠤ ᠥᠬᠡᠶ ᠪᠠᠶᠢᠬᠤ ᠶᠢ ᠡᠷᠡᠰ ᠪᠡᠶᠡᠯᠡᠭᠦᠯᠵᠦ᠂ ᠵᠠᠰᠠᠭ ᠤᠨ ᠵᠠᠷᠯᠢᠭ ᠢ ᠰᠠᠭᠠᠳ ᠥᠬᠡᠶ ᠶᠠᠪᠤᠭᠳᠠᠭᠤᠯᠬᠤ ᠶᠢ ᠦᠨᠡᠨ ᠬᠦ ᠪᠡᠶᠡᠯᠡᠭᠦᠯᠵᠦ᠂ ᠠᠰᠠᠭᠤᠳᠠᠯ ᠢ ᠣᠯᠵᠤ ᠮᠡᠳᠡᠪᠡᠯ ᠲᠡᠷᠡ ᠳᠠᠷᠤᠶ ᠳᠤᠨᠢ ᠮᠡᠳᠡᠭᠦᠯᠵᠦ᠂ ᠲᠡᠷᠡ ᠳᠠᠷᠤᠶ ᠳᠤᠨᠢ ᠰᠢᠢᠳᠪᠦᠷᠢᠯᠡᠵᠦ᠂ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠤᠨ ᠡᠶ᠎ᠡ ᠵᠣᠬᠢᠴᠠᠩᠭᠤᠶ ᠲᠣᠭᠲᠠᠭᠤᠨ ᠢ ᠪᠠᠲᠤᠯᠠᠬᠤ ᠬᠡᠷᠡᠭᠲᠡᠶ ᠭᠡᠵᠡᠢ᠃
  科左后旗召开全旗防汛工作会议02.jpg  
    ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠡᠯ᠎ᠡ ᠰᠤᠮᠤ ᠪᠠᠯᠭᠠᠰᠤ ᠲᠠᠯᠠᠪᠠᠶ ᠶᠢᠨ ᠬᠡᠷ ᠲᠡᠭᠡᠨ ᠪᠠᠶᠢᠭ᠎ᠠ ᠨᠠᠮ ᠵᠠᠰᠠᠭ ᠤᠨ ᠪᠠᠭ ᠤᠨ ᠪᠦᠷᠢᠯᠳᠦᠬᠦᠨ ᠬᠤᠪᠢᠶᠠᠷᠢ ᠬᠤᠷᠠᠯ ᠤᠨ ᠲᠠᠯᠠᠪᠠᠶ ᠳᠤ ᠣᠷᠣᠯᠴᠠᠵᠠᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号