7 ᠰᠠᠷ᠎ᠠ ᠶᠢᠨ 1 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠭᠦᠸᠧ ᠲᠢᠶᠠᠨ ᠪᠦᠦ ᠪᠠᠭᠠᠳᠠᠯ᠎ᠠ ᠰᠤᠮᠤᠨ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ | ᠣᠷᠣᠯᠭ᠎ᠠ ᠶᠢᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ | ᠴᠠᠭᠠᠨᠳᠠᠯᠠᠪᠤᠷ ᠭᠠᠴᠠᠭ᠎ᠠ ᠳᠤ᠂ ᠭᠦᠸᠧ ᠲᠢᠶᠠᠨ ᠪᠦᠦ ᠶᠠᠳᠠᠭᠤ ᠠᠴᠠ ᠠᠩᠭᠢᠵᠢᠷᠠᠭᠰᠠᠨ ᠡᠷᠦᠬᠡ ᠳᠤ | ᠭᠦᠨᠵᠡᠭᠡᠶᠢᠷᠡᠵᠦ᠂ ᠲᠡᠳᠡᠨ ᠤ ᠭᠡᠷ ᠪᠦᠯᠢ ᠶᠢᠨ ᠪᠠᠶᠢᠳᠠᠯ᠂ ᠡᠷᠡᠭᠦᠯ ᠮᠡᠨᠳᠦ ᠶᠢᠨ ᠪᠠᠶᠢᠳᠠᠯ᠂ ᠠᠵᠤ ᠦᠢᠯᠡᠰ ᠤᠨ | ᠣᠷᠣᠯᠭ᠎ᠠ᠂ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ | ᠣᠷᠣᠰᠢᠵᠤ ᠪᠠᠶᠢᠭ᠎ᠠ ᠬᠦᠴᠢᠷᠳᠡᠯ ᠵᠡᠷᠭᠡ ᠶᠢ ᠨᠠᠷᠢᠨ ᠣᠶᠢᠯᠠᠭᠠᠵᠤ᠂ ᠪᠠᠯᠭᠠᠰᠤ ᠲᠣᠰᠬᠤᠨ ᠤ ᠺᠠᠳ᠋ᠷ ᠲᠠᠢ ᠬᠠᠮᠲᠤᠪᠠᠷ | ᠣᠷᠣᠯᠭ᠎ᠠ ᠶᠢᠨ ᠪᠠᠭᠤᠷᠠᠯᠲᠠ ᠶᠢᠨ ᠰᠢᠯᠲᠠᠭᠠᠨ ᠢ ᠵᠠᠳᠠᠯᠵᠤ᠂ ᠠᠷᠭᠠᠴᠠᠬᠤ ᠪᠤᠳᠤᠯᠭ᠎ᠠ ᠶᠢ ᠰᠤᠳᠤᠯᠤᠨ ᠰᠢᠢᠳᠪᠦᠷᠢᠯᠡᠪᠡ᠃ | | ᠭᠦᠸᠧ ᠲᠢᠶᠠᠨ ᠪᠦᠦ ᠴᠢᠬᠤᠯᠠᠴᠢᠯᠠᠭᠰᠠᠨ ᠨᠢ᠂ ᠪᠠᠯᠭᠠᠰᠤ ᠲᠣᠰᠬᠤᠨ ᠬᠤᠶᠠᠷ ᠱᠠᠲᠤ ᠪᠣᠯᠤᠨ ᠬᠠᠮᠢᠶ᠎ᠠ ᠪᠥᠬᠦᠶ | ᠰᠠᠯᠠᠭ᠎ᠠ ᠮᠥᠴᠢᠷ ᠤᠳ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠶᠠᠳᠠᠭᠤ ᠠᠴᠠ ᠠᠩᠭᠢᠵᠢᠷᠠᠭᠰᠠᠨ ᠡᠷᠦᠬᠡ ᠶᠢ | ᠬᠠᠪᠰᠤᠷᠤᠨ ᠲᠡᠳᠬᠦᠬᠦ ᠳᠤ ᠬᠦᠴᠦᠨ ᠨᠡᠮᠡᠷᠢᠯᠡᠵᠦ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ᠂ ᠠᠵᠤ | ᠦᠢᠯᠡᠰ ᠢᠶᠠᠷ ᠬᠠᠪᠰᠤᠷᠤᠨ ᠲᠡᠳᠬᠦᠬᠦ᠂ ᠦᠨᠳᠦᠰᠦᠨ ᠵᠦᠢᠯ ᠢ ᠪᠠᠲᠤᠯᠠᠬᠤ ᠵᠡᠷᠭᠡ ᠣᠯᠠᠨ ᠵᠦᠢᠯ ᠤᠨ ᠠᠷᠭ᠎ᠠ | ᠬᠡᠮᠵᠢᠶ᠎ᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠡᠷᠡᠭᠯᠡᠵᠦ᠂ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ | ᠣᠷᠣᠯᠭ᠎ᠠ ᠶᠢᠨ ᠠᠷᠭ᠎ᠠ ᠵᠠᠮ ᠢ ᠥᠷᠭᠡᠳᠬᠡᠨ᠂ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠬᠡᠷᠡᠭᠲᠡᠶ᠃ ᠡᠳᠦᠷ | ᠳᠤᠳᠤᠮ ᠤᠨ ᠨᠡᠶᠢᠳᠡᠮ ᠰᠤᠷᠪᠤᠯᠵᠢᠯᠠᠬᠤ ᠠᠵᠢᠯ ᠢ ᠴᠢᠩᠭᠠᠳᠬᠠᠵᠤ᠂ ᠬᠦᠴᠢᠷᠳᠡᠯᠲᠡᠢ ᠤᠯᠠᠨ ᠲᠦᠮᠡᠨ ᠤ | ᠦᠢᠯᠡᠳᠪᠦᠷᠢᠯᠡᠯ ᠠᠮᠢᠳᠤᠷᠠᠯ ᠢ ᠴᠠᠭ ᠢᠮᠠᠭᠲᠠ ᠬᠠᠯᠠᠮᠵᠢᠯᠠᠨ ᠠᠩᠬᠠᠷᠴᠤ᠂ ᠲᠡᠳᠡᠨ ᠤ ᠪᠠᠴᠢᠮ ᠬᠦᠴᠢᠷ ᠵᠣᠪᠠᠭᠤᠷᠢ ᠶᠢ | ᠴᠠᠭ ᠢᠮᠠᠭᠲᠠ ᠰᠡᠳᠬᠢᠯ ᠳᠡᠭᠡᠨ ᠪᠤᠳᠤᠵᠤ᠂ ᠲᠡᠳᠡᠨ ᠳᠤ ᠲᠤᠯᠭᠠᠷᠠᠭᠰᠠᠨ ᠬᠦᠴᠢᠷᠳᠡᠯ ᠢ ᠴᠠᠭ ᠲᠤᠬᠠᠢ ᠳᠤᠨᠢ | ᠰᠢᠢᠳᠪᠦᠷᠢᠯᠡᠵᠦ᠂ ᠲᠡᠳᠡᠨ ᠢ ᠦᠨᠡᠨᠬᠦ ᠲᠣᠭᠲᠠᠭᠤᠨ ᠡᠷᠡᠭᠦᠯ ᠴᠢᠭᠢᠷᠠᠭ ᠠᠮᠢᠳᠤᠷᠠᠭᠤᠯᠬᠤ ᠬᠡᠷᠡᠭᠲᠡᠢ ᠭᠡᠵᠡᠢ᠃ | |