ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2024/7/30
    7 ᠰᠠᠷ᠎ᠠ ᠶᠢᠨ 28 ᠤ ᠡᠳᠦᠷ᠂  ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠶᠧ ᠴᠦᠨ ᠾᠧ ᠬᠤᠷᠠᠯ ᠡᠷᠭᠢᠯᠡᠵᠦ ᠶᠠᠷᠢᠶ᠎ᠠ ᠲᠠᠯᠪᠢᠪᠠ᠃
 旗委常委会召开会议传达学习.jpg
       ᠬᠤᠷᠠᠯ ᠠᠴᠠ ᠦᠵᠡᠭᠰᠡᠨ ᠨᠢ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ᠃ ᠪᠥᠬᠦᠳᠡ ᠬᠤᠷᠠᠯ ᠠᠴᠠ ᠪᠠᠲᠤᠯᠠᠭᠰᠠᠨ ︽ᠲᠣᠭᠲᠠᠭᠠᠯ︾ ᠪᠣᠯ ᠰᠢᠨ᠎ᠡ ᠠᠶᠠᠨ ᠵᠠᠮ ᠳᠠᠬᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠵᠢᠯᠣᠭᠤᠳᠬᠤ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠮᠥᠨ᠃ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠨᠠᠮ ᠪᠠ ᠤᠯᠤᠰ ᠤᠨ ᠠᠵᠢᠯ ᠦᠶ᠋ᠯᠡᠰ ᠤᠨ ᠬᠥᠭᠵᠢᠯᠲᠡ ᠶᠢᠨ ᠣᠯᠤᠭᠰᠠᠨ ᠠᠭᠤᠤ ᠶᠡᠭᠡ ᠠᠮᠵᠢᠯᠲᠠ ᠶᠢ ᠭᠦᠨᠵᠡᠭᠡᠶ ᠲᠠᠨᠢᠨ ᠡᠵᠡᠮᠰᠢᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠤᠯ ᠰᠡᠳᠦᠪ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ᠂ ᠦᠨᠳᠦᠰᠦᠨ ᠪᠠᠲᠤᠯᠠᠭ᠎ᠠ ᠶᠢ ᠭᠦᠨᠵᠡᠭᠡᠶ ᠲᠠᠨᠢᠨ ᠡᠵᠡᠮᠳᠡᠵᠦ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ ᠪᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠥᠭᠡᠷᠡᠴᠢᠯᠡᠯᠲᠡ ᠶᠢ ᠡᠷᠡᠰ ᠬᠦᠷᠢᠶᠡᠯᠡᠵᠦ᠂ ᠥᠭᠡᠷᠡᠴᠢᠯᠡᠯᠲᠡ ᠶᠢ ᠢᠳᠡᠪᠬᠢᠲᠡᠶ ᠳᠡᠮᠵᠢᠵᠦ᠂ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠪᠠᠷ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ ᠭᠡᠵᠡᠢ᠃     ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ ᠃ ᠡᠯ᠎ᠡ ᠱᠠᠲᠤᠨ ᠤ ᠤᠳᠤᠷᠢᠳᠬᠤ ᠨᠥᠬᠦᠳ ᠤᠷᠢᠳᠠᠪᠠᠷ ᠰᠤᠷᠤᠯᠴᠠᠵᠤ᠂ ᠭᠦᠨᠵᠡᠭᠡᠶ ᠰᠤᠷᠤᠯᠴᠠᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠨᠡᠪᠲᠡᠷᠡᠲᠡᠯ᠎ᠡ ᠣᠶᠢᠯᠠᠭᠠᠵᠤ᠂ ᠭᠦᠨᠵᠡᠭᠡᠶ ᠣᠶᠢᠯᠠᠭᠠᠵᠤ᠂ ᠣᠨᠣᠪᠴᠢᠲᠠᠶ ᠡᠵᠡᠮᠰᠢᠬᠦ ᠬᠡᠷᠡᠭᠲᠡᠶ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠨᠠᠷᠢᠨ ᠬᠢᠨᠠᠮᠠᠭᠠᠢ ᠲᠥᠯᠥᠪᠵᠢᠭᠦᠯᠵᠦ᠂ ᠦᠳᠲᠡᠷ ᠲᠦᠷᠭᠡᠨ ᠬᠥᠳᠡᠯᠦᠯᠴᠡᠵᠦ᠂ ᠨᠠᠮ ᠤᠨ ᠭᠡᠰᠢᠭᠦᠨ ᠺᠠᠳ᠋ᠷᠴᠤᠳ ᠤᠨ ᠬᠥᠮᠦᠵᠢᠯ ᠪᠣᠯᠪᠠᠰᠤᠷᠠᠯ ᠢ ᠯᠠᠪᠳᠠᠭᠤᠨ ᠪᠠᠲᠤᠲᠠᠢ ᠥᠷᠨᠢᠭᠦᠯᠵᠦ᠂ ᠤᠬᠠᠭᠤᠯᠤᠨ ᠲᠠᠶᠢᠯᠪᠤᠷᠢᠯᠠᠬᠤ ᠶᠢ ᠥᠷᠭᠡᠨ ᠢᠶᠠᠷ ᠥᠷᠨᠢᠭᠦᠯᠵᠦ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠮ ᠤᠨ ᠡᠭᠦᠷ ᠨᠢᠭᠡᠪᠦᠷᠢ᠂ ᠨᠠᠮ ᠤᠨ ᠭᠡᠰᠢᠭᠦᠨ ᠨᠢᠭᠡᠪᠦᠷᠢ ᠳᠤ ᠴᠠᠭ ᠲᠤᠬᠠᠢ ᠳᠤᠨᠢ ᠤᠯᠠᠮᠵᠢᠯᠠᠵᠤ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠪᠦᠬᠦ ᠲᠠᠯ᠎ᠠ ᠪᠠᠷ ᠥᠷᠨᠢᠭᠦᠯᠬᠦ ᠬᠡᠷᠡᠭᠲᠡᠢ᠃ ᠭᠤᠷᠪᠠᠳᠤᠭᠠᠷ ᠪᠥᠬᠦᠳᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠡᠯ᠎ᠡ ᠵᠦᠶ᠋ᠯ ᠤᠨ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠶ ᠭᠡᠵᠡᠢ᠃    ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠᠷ ᠬᠥᠳᠡᠯᠭᠡᠬᠦ ᠬᠦᠴᠦᠨ ᠪᠣᠯᠭᠠᠵᠤ᠂ ᠢᠲᠡᠭᠡᠯ ᠵᠣᠷᠢᠭ ᠢᠶᠠᠨ ᠤᠯᠠᠮ ᠴᠢᠨᠠᠭᠰᠢᠳᠠ ᠪᠠᠲᠤᠳᠬᠠᠵᠤ᠂ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠠᠬᠢᠭᠤᠯᠬᠤ ᠵᠡᠷᠭᠡ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠳᠣᠣᠷ᠎ᠠ ᠬᠠᠭᠠᠰ ᠵᠢᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠣᠭᠲᠠᠭᠰᠠᠨ ᠬᠠᠷᠠᠯᠲᠠ ᠡᠭᠦᠷᠭᠡ ᠪᠠᠨ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号