ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠡᠭᠦᠨ ᠪᠠᠷᠠᠭᠤᠨ ᠯᠢᠶᠣᠤ ᠾᠧ ᠭᠤᠤᠯ ᠤᠨ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/31
    7 ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠡᠭᠦᠨ ᠪᠠᠷᠠᠭᠤᠨ ᠯᠢᠶᠣᠤ ᠾᠧ ᠭᠤᠤᠯ ᠤᠨ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠵᠠᠩ ᠳ᠋ᠠ ᠯᠢ᠂ ᠯᠢᠦ ᠶᠢᠨ ᠱᠧᠩ᠂ ᠸᠠᠩ ᠶᠢᠨ ᠴᠢᠶᠠᠩ᠂ ᠰᠢᠶᠠᠩ ᠭᠦᠸᠧ ᠸᠧᠶ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠴᠠᠭ ᠠᠭᠤᠷ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠵᠡᠭᠦᠨ ᠪᠠᠷᠠᠭᠤᠨ ᠯᠢᠶᠣᠤ ᠾᠧ ᠭᠤᠤᠯ ᠤᠨ ᠡᠷᠭᠢ ᠳᠠᠭᠠᠤ ᠶᠢᠨ ᠰᠤᠮᠤ ᠪᠠᠯᠭᠠᠰᠤ ᠲᠠᠯᠠᠪᠠᠢ ᠶᠢᠨ ᠭᠤᠤᠯ ᠬᠠᠷᠢᠭᠤᠴᠠᠯᠭᠠᠲᠠᠨ ᠣᠷᠣᠯᠴᠠᠵᠠᠶ᠃
  郭天宝主持召开.jpg   
    ᠬᠤᠷᠠᠯ ᠠᠴᠠ ᠵᠡᠭᠦᠨ ᠪᠠᠷᠠᠭᠤᠨ ᠯᠢᠶᠣᠤ ᠾᠧ ᠭᠤᠣᠯ ᠤᠨ ᠠᠵᠢᠯᠯᠠᠭᠠᠨ ᠤ ᠪᠠᠶᠢᠳᠠᠯ ᠵᠢᠴᠢ ᠤᠢᠢᠷ᠎ᠠ ᠶᠢᠨ ᠬᠤᠭᠤᠴᠠᠭᠠᠨ ᠤ ᠬᠤᠷ᠎ᠠ ᠲᠣᠨᠣᠳᠠᠰᠤ ᠶᠢᠨ ᠪᠠᠶᠢᠳᠠᠯ ᠢ ᠤᠷᠢᠳᠴᠢᠯᠠᠨ ᠵᠢᠱᠢᠵᠦ᠂ ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠪᠠᠶᠢᠳᠠᠯ ᠢ ᠵᠠᠳᠠᠯᠬᠤ ᠶᠢᠨ ᠬᠠᠮᠲᠤ ᠦᠶᠡᠷ ᠢ ᠰᠡᠷᠭᠡᠶᠢᠯᠡᠬᠦ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠭᠦᠸᠧ ᠲᠢᠶᠠᠨ ᠪᠦᠦ ᠴᠢᠬᠤᠯᠠᠴᠢᠯᠠᠭᠰᠠᠨ ᠨᠢ᠂ ᠨᠢᠭᠡ ᠳᠤ᠂ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ 24 ᠴᠠᠭ ᠢᠶᠠᠷ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠶᠡᠷ ᠤᠨ ᠪᠠᠶᠢᠳᠠᠯ᠂ ᠮᠡᠳᠡᠭᠡ ᠵᠠᠩᠭᠢ ᠶᠢᠨ ᠨᠡᠪᠲᠡᠷᠡᠯᠴᠡᠭᠡ ᠶᠢ ᠴᠢᠩᠭ᠎ᠠ ᠠᠩᠬᠠᠷᠬᠤ ᠶᠢᠨ ᠬᠠᠮᠲᠤ ᠳᠡᠭᠡᠳᠦ ᠳᠤᠤᠷᠠᠳᠤ ᠤᠷᠤᠰᠬᠠᠯ ᠤᠨ ᠭᠠᠵᠠᠷ ᠣᠷᠣᠨ ᠯᠤᠭ᠎ᠠ ᠶᠢᠨ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠦᠶᠡᠷ ᠤᠨ ᠪᠠᠶᠢᠳᠠᠯ ᠢ ᠴᠠᠭ ᠲᠤᠬᠠᠢ ᠳᠤᠨᠢ ᠣᠨᠣᠪᠴᠢᠲᠠᠢ ᠵᠠᠳᠠᠯᠵᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠬᠦ ᠬᠡᠷᠡᠭᠲᠡᠢ᠃ ᠬᠤᠶᠠᠷ ᠲᠤ᠂ ᠦᠶᠡᠷ ᠢ ᠰᠡᠷᠭᠡᠶᠢᠯᠡᠬᠦ ᠪᠡᠯᠡᠳᠬᠡᠯ ᠢ ᠰᠠᠶᠢᠲᠤᠷ ᠬᠢᠵᠦ᠂ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠳᠤ ᠴᠠᠭ ᠲᠤᠬᠠᠶ ᠳᠤᠨᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡ ᠶᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠵᠠᠩᠭᠢᠯᠠᠭ᠎ᠠ ᠶᠢᠨ ᠴᠠᠭ᠂ ᠵᠠᠩᠭᠢᠯᠠᠭ᠎ᠠ ᠶᠢᠨ ᠭᠤᠣᠯ ᠤᠨ ᠬᠡᠰᠡᠭ ᠤᠨ ᠬᠠᠰᠢᠯᠭ᠎ᠠ ᠶᠢ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠶ ᠃ ᠭᠤᠷᠪᠠ ᠳᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠢᠩᠭᠠᠳᠬᠠᠵᠤ᠂ ᠤᠯᠠᠨ ᠨᠡᠶᠢᠲᠡ ᠶᠢᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠪᠣᠯᠤᠨ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠬᠤᠷᠳᠤᠴᠠ ᠪᠣᠯᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号