7 ᠰᠠᠷ᠎ᠠ ᠶᠢᠨ 2 ᠤᠨ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠤᠰᠢᠭᠤᠨ ᠤ ᠱᠠᠲᠤᠨ ᠤ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ | ᠡᠯ᠎ᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠡ ᠠᠬᠢᠴᠠ ᠶᠢᠨ ᠪᠠᠶᠢᠳᠠᠯ ᠵᠢᠴᠢ ᠣᠷᠣᠰᠢᠵᠤ | ᠪᠠᠶᠢᠭ᠎ᠠ ᠠᠰᠠᠭᠤᠳᠠᠯ ᠢᠶᠠᠨ ᠲᠠᠰ ᠳᠠᠷᠠᠭᠠᠯᠠᠨ ᠬᠠᠷᠢᠭᠤ ᠮᠡᠳᠡᠭᠦᠯᠪᠡ᠃ ᠬᠤᠰᠢᠭᠤᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠯᠢᠦ ᠶᠢᠨ ᠱᠧᠩ᠂ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠵᠠᠩ ᠵᠢᠩ | ᠪᠥᠸᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ![2024年度旗级民生实事项目推进会.jpg 2024年度旗级民生实事项目推进会.jpg](/Portals/_tlhq/images/default/20240704/6385568422969500654120366.jpg) ᠵᠠᠩ ᠵᠢᠩ ᠪᠥᠸᠧ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠦᠬᠦᠢ ᠨᠢᠭᠡᠴᠡ ᠠᠵᠢᠯ ᠤᠨ | ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ | ᠲᠦᠷᠭᠡᠳᠬᠡᠵᠦ᠂ ᠨᠡᠪᠲᠡᠷᠡᠯᠴᠡᠨ ᠵᠣᠬᠢᠴᠠᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ | ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ | ᠵᠦᠢᠯ ᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃ | ᠯᠢᠦ ᠶᠢᠨ ᠱᠧᠩ ᠱᠠᠭᠠᠷᠳᠠᠭᠰᠠᠨ ᠨᠢ᠂ ᠨᠢᠭᠡ ᠳᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠲᠦᠷᠦᠯ ᠵᠦᠢᠯ ᠤᠨ ᠠᠬᠢᠴᠠ᠂ ᠶᠠᠰᠤ ᠴᠢᠨᠠᠷ᠂ ᠪᠣᠳᠠᠲᠤ ᠦᠷ᠎ᠡ | ᠪᠦᠲᠦᠮᠵᠢ ᠲᠠᠢ ᠨᠢᠭᠲᠠ ᠤᠶᠠᠯᠳᠤᠭᠤᠯᠤᠨ ᠠᠵᠢᠯ ᠢᠶᠠᠨ ᠥᠷᠨᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠬᠦᠴᠢᠷ | ᠠᠰᠠᠭᠤᠳᠠᠯ ᠢ ᠰᠢᠢᠳᠪᠦᠷᠢᠯᠡᠵᠦ᠂ ᠲᠦᠷᠦᠯ ᠵᠦᠢᠯᠴᠢᠯᠡᠨ ᠬᠠᠮᠢᠶᠠᠷᠬᠤ᠂ ᠨᠠᠷᠢᠨ ᠲᠠᠩᠰᠠᠵᠢᠭᠤᠯᠤᠨ ᠠᠬᠢᠭᠤᠯᠬᠤ᠂ ᠡᠬᠡ | ᠲᠠᠩᠰᠠᠵᠢᠭᠤᠯᠤᠨ ᠨᠠᠶᠢᠳᠠᠪᠤᠷᠢᠵᠢᠭᠤᠯᠬᠤ ᠶᠢ ᠪᠡᠶᠡᠯᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠦᠷᠦᠯ ᠵᠦᠢᠯ ᠢ ᠪᠦᠬᠦ ᠲᠠᠯ᠎ᠠ ᠪᠠᠷ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠬᠤᠶᠠᠷ ᠲᠤ᠂ | ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠬᠤ ᠬᠡᠷᠡᠭᠳᠡᠢ᠃ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ ᠤᠳ | ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠪᠠᠨ ᠴᠢᠩᠭᠠᠷᠠᠭᠤᠯᠵᠤ᠂ ᠠᠵᠢᠯ ᠢ ᠨᠠᠶᠢᠳᠠᠪᠤᠷᠢᠵᠢᠭᠤᠯᠬᠤ ᠡᠷᠴᠢᠮ ᠢᠶᠠᠨ | ᠴᠢᠩᠭᠠᠷᠠᠭᠤᠯᠤᠨ᠂ ᠲᠥᠷᠥᠯ ᠵᠦᠢᠯ ᠢ ᠠᠬᠢᠭᠤᠯᠬᠤ ᠳᠤᠮᠳᠠ ᠢᠯᠡᠷᠡᠭᠰᠡᠨ ᠬᠦᠴᠢᠷ ᠠᠰᠠᠭᠤᠳᠠᠯ᠂ ᠲᠦᠭᠵᠢᠷᠡᠯ ᠲᠠᠢ | ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠪᠥᠬᠦ ᠶᠠᠪᠤᠴᠠ ᠳᠤ ᠮᠥᠷᠳᠡᠬᠦ᠂ ᠪᠥᠬᠦ ᠲᠠᠯ᠎ᠠ ᠪᠠᠷ | ᠬᠠᠷᠢᠭᠤᠴᠠᠬᠤ ᠶᠢ ᠪᠡᠶᠡᠯᠡᠭᠦᠯᠬᠦ ᠬᠡᠷᠡᠭᠲᠡᠶ᠃ ᠭᠤᠷᠪᠠ ᠳᠤ᠂ ᠮᠥᠷᠳᠡᠨ ᠰᠢᠮᠳᠠᠭᠤᠯᠤᠨ ᠭᠦᠢᠴᠡᠳᠬᠡᠬᠦ ᠶᠢ | ᠴᠢᠩᠭᠠᠳᠬᠠᠬᠤ ᠬᠡᠷᠡᠭᠳᠡᠢ᠃ ᠬᠤᠰᠢᠭᠤᠨ ᠤ ᠵᠠᠰᠠᠭ ᠤᠨ ᠣᠷᠳᠣᠨ ᠤ ᠰᠢᠪᠠᠳᠠᠨ ᠪᠠᠶᠢᠴᠠᠭᠠᠬᠤ ᠲᠠᠰᠤᠭ ᠡᠭᠦᠷᠭᠡ ᠶᠢᠨ | ᠠᠵᠢᠯ ᠤᠨ ᠬᠤᠪᠢᠶᠠᠷᠢᠯᠠᠯ ᠶᠣᠰᠣᠭᠠᠷ᠂ ᠠᠵᠢᠯ ᠤᠨ ᠠᠭᠤᠯᠭ᠎ᠠ ᠪᠠᠨ ᠲᠣᠳᠣᠷᠬᠠᠶ ᠪᠣᠯᠭᠠᠵᠤ᠂ ᠰᠠᠷ᠎ᠠ ᠪᠠᠷ ᠠᠵᠢᠯ ᠤᠨ | ᠲᠥᠯᠥᠪᠯᠡᠭᠡ ᠪᠠᠨ ᠲᠣᠩᠭᠤᠷᠤᠭᠤᠯᠤᠨ ᠵᠢᠭᠰᠠᠭᠠᠵᠤ᠂ ᠰᠢᠪᠠᠳᠠᠨ ᠪᠠᠶᠢᠴᠠᠭᠠᠯᠲᠠ ᠶᠢᠨ ᠮᠡᠳᠡᠭᠦᠯᠦᠯᠲᠡ ᠵᠢᠴᠢ ᠠᠵᠢᠯ ᠤᠨ | ᠰᠠᠨᠠᠭᠤᠯᠭ᠎ᠠ ᠪᠠᠨ ᠲᠣᠭᠲᠠᠭᠰᠠᠨ ᠬᠤᠭᠤᠴᠠᠭᠠᠨ ᠳᠤ ᠳᠡᠪᠰᠢᠭᠦᠯᠵᠦ᠂ ᠬᠤᠰᠢᠭᠤᠨ ᠤ ᠵᠠᠰᠠᠭ ᠤᠨ ᠣᠷᠳᠣᠨ ᠳᠤ | ᠰᠢᠢᠳᠪᠦᠷᠢᠳᠦ ᠪᠣᠳᠣᠯᠭ᠎ᠠ ᠲᠣᠭᠲᠠᠭᠠᠬᠤ ᠳᠤ ᠦᠨᠳᠦᠰᠦᠯᠡᠯ ᠬᠠᠩᠭᠠᠬᠤ ᠬᠡᠷᠡᠭᠳᠡᠢ ᠭᠡᠵᠡᠢ᠃ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠯᠪᠣᠭᠳᠠᠯ ᠪᠦᠬᠦᠢ ᠳᠣᠲᠣᠭᠠᠳᠤ ᠪᠠᠶᠢᠭᠤᠯᠤᠮᠵᠢ᠂ | ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ | ᠣᠷᠣᠯᠴᠠᠪᠠ᠃ | |