ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ 2024 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠶᠢ ᠨᠢᠭᠤᠷᠳᠠᠨ ᠬᠠᠷᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/4
    7 ᠰᠠᠷ᠎ᠠ ᠶᠢᠨ 2 ᠤᠨ ᠡᠳᠦᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ 2024 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ ᠨᠢᠭᠤᠷᠳᠠᠨ ᠬᠠᠷᠢᠭᠤᠯᠲᠠ ᠥᠭᠬᠦ ᠬᠤᠷᠠᠯ ᠬᠤᠷᠠᠯᠳᠤᠭᠤᠯᠵᠤ᠂ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠢᠶᠠᠨ ᠲᠠᠰ ᠳᠠᠷᠠᠭᠠᠯᠠᠨ ᠬᠠᠷᠢᠭᠤ ᠮᠡᠳᠡᠭᠦᠯᠬᠦ ᠶᠢᠨ ᠬᠠᠮᠲᠤ ᠬᠤᠷᠠᠯ ᠳᠤ ᠣᠷᠣᠯᠴᠠᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠠᠢ ᠰᠠᠨᠠᠯ ᠢᠶᠠᠨ ᠭᠦᠨᠵᠡᠭᠡᠶ ᠰᠣᠯᠢᠯᠴᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠳᠡᠳ᠋ ᠳᠠᠷᠤᠭ᠎ᠠ ᠯᠢᠦ ᠶᠢᠨ ᠱᠧᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠵᠠᠩ ᠵᠢᠩ ᠪᠥᠸᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
  2024年度人大代表建议面对面答复会.jpg    ᠵᠠᠩ ᠵᠢᠩ ᠪᠥᠸᠧ ᠴᠢᠬᠤᠯᠠᠴᠢᠯᠠᠭᠰᠠᠨ ᠨᠢ᠂ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ
ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠶᠠᠰᠤ ᠴᠢᠨᠠᠷ ᠢ ᠦᠨᠡᠨ ᠬᠦ ᠪᠠᠲᠤᠯᠠᠵᠤ᠂ ᠲᠣᠭᠲᠠᠭᠰᠠᠨ ᠴᠠᠭ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠲᠥᠯᠥᠭᠡᠯᠡᠭᠴᠢᠳ ᠤᠨ ᠰᠠᠨᠠᠭᠤᠯᠭ᠎ᠠ ᠳᠤ ᠬᠠᠷᠢᠭᠤᠯᠲᠠ ᠥᠭᠬᠦ ᠠᠵᠢᠯ ᠢ ᠰᠢᠢᠳᠪᠦᠷᠢᠯᠡᠵᠦ ᠳᠠᠭᠤᠰᠬᠠᠬᠤ ᠬᠡᠷᠡᠭᠲᠡᠶ ᠭᠡᠵᠡᠢ᠃    ᠯᠢᠦ ᠶᠢᠨ ᠱᠧᠩ ᠱᠠᠭᠠᠷᠳᠠᠭᠰᠠᠨ ᠨᠢ᠂ ᠨᠢᠭᠡ ᠳᠤ᠂ ︽ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠣᠯ ᠪᠢᠳᠡ ᠬᠠᠷᠢᠭᠤ ᠲᠤᠰᠬᠠᠯ ᠲᠠᠢ ᠪᠠᠶᠢᠬᠤ︾ ᠶᠢ ᠪᠠᠷᠢᠮᠲᠠᠯᠠᠵᠤ᠂ ᠲᠠᠨᠢᠯᠲᠠ ᠶᠢᠨ ᠲᠠᠯ᠎ᠠ ᠪᠠᠷ ᠲᠠᠬᠢᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠨᠦᠭᠦᠳ ᠢᠮᠠᠭᠲᠠ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠤᠬᠠᠮᠰᠠᠷ ᠠᠴᠠ ᠪᠠᠨ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠶᠢ ᠬᠦᠯᠢᠶᠡᠵᠦ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠶᠢ ᠤᠯᠤᠰ ᠤᠨ ᠠᠵᠤ ᠠᠬᠤᠶ ᠠᠷᠠᠳ ᠤᠨ ᠠᠮᠢᠳᠤᠷᠠᠯ ᠳᠤ ᠬᠤᠯᠪᠣᠭᠳᠠᠬᠤ᠂ ᠨᠡᠶᠢᠭᠡᠮ ᠤᠨ ᠲᠣᠭᠲᠠᠭᠤᠨ ᠪᠠᠶᠢᠳᠠᠯ ᠳᠤ ᠬᠤᠯᠪᠣᠭᠳᠠᠬᠤ᠂ ᠵᠠᠰᠠᠭ ᠤᠨ ᠣᠷᠳᠣᠨ ᠤ ᠳᠦᠷᠢ ᠲᠥᠷᠬᠦ ᠲᠠᠢ ᠬᠤᠯᠪᠣᠭᠳᠠᠬᠤ ᠴᠢᠬᠤᠯᠠ ᠠᠵᠢᠯ ᠪᠣᠯᠭᠠᠨ ᠠᠳᠬᠤᠬᠤ ᠬᠡᠷᠡᠭᠲᠡᠶ᠃ ᠬᠤᠶᠠᠷ ᠲᠤ᠂ ︽ᠴᠠᠭ ᠲᠤᠬᠠᠢ ᠳᠤᠨᠢ ᠰᠢᠢᠳᠪᠦᠷᠢᠯᠡᠵᠦ ᠳᠠᠭᠤᠰᠬᠠᠬᠤ᠂ ᠴᠢᠨᠠᠷ ᠰᠠᠶᠢᠲᠠᠢ ᠰᠠᠶᠢᠲᠤᠷ ᠡᠷᠬᠢᠯᠡᠬᠦ︾ ᠶᠢ ᠪᠠᠷᠢᠮᠲᠠᠯᠠᠵᠤ᠂ ᠠᠷᠭ᠎ᠠ ᠬᠡᠮᠵᠢᠶ᠎ᠡ ᠶᠢᠨ ᠲᠠᠯ᠎ᠠ ᠪᠠᠷ ᠲᠠᠬᠢᠨ ᠴᠢᠩᠭᠠᠳᠬᠠᠬᠤ ᠬᠡᠷᠡᠭᠲᠡᠢ᠃ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠨᠦᠭᠦᠳ ᠦᠷ᠎ᠡ ᠳ᠋ᠦᠩ ᠢ ᠴᠢᠬᠤᠯᠠᠴᠢᠯᠠᠬᠤ ᠪᠠᠷ ᠪᠠᠷᠠᠬᠤ ᠦᠭᠡᠢ᠂ ᠪᠠᠰᠠ ᠶᠠᠪᠤᠴᠠ ᠶᠢ ᠴᠢᠬᠤᠯᠠᠴᠢᠯᠠᠵᠤ᠂ ᠶᠠᠰᠤ ᠴᠢᠨᠠᠷ ᠢ ᠪᠠᠲᠤᠯᠠᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠴᠠᠭ ᠲᠤᠬᠠᠶ ᠳᠤᠨᠢ ᠨᠡᠪᠲᠡᠷᠡᠯᠴᠡᠬᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠬᠡᠷᠡᠭᠲᠡᠶ᠃ ᠭᠤᠷᠪᠠ ᠳᠤ᠂ ︽ᠨᠢᠭᠡ ᠵᠦᠢᠯ ᠢ ᠰᠢᠢᠳᠪᠦᠷᠢᠯᠡᠵᠦ᠂ ᠨᠢᠭᠡ ᠲᠦᠷᠦᠯ ᠢ ᠰᠢᠢᠳᠪᠦᠷᠢᠯᠡᠬᠦ︾ ᠶᠢ ᠪᠠᠷᠢᠮᠲᠠᠯᠠᠵᠤ᠂ ᠶᠠᠰᠤ ᠴᠢᠨᠠᠷ ᠦᠷ᠎ᠡ ᠠᠰᠢᠭ ᠤᠨ ᠲᠠᠯ᠎ᠠ ᠪᠠᠷ ᠲᠠᠬᠢᠨ ᠳᠡᠭᠡᠭᠰᠢᠯᠡᠭᠦᠯᠬᠦ ᠬᠡᠷᠡᠭᠲᠡᠢ ᠃ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠨᠦᠭᠦᠳ ᠲᠥᠯᠥᠭᠡᠯᠡᠭᠴᠢᠳ ᠤᠨ ︽ᠠᠯᠲᠠᠨ ᠴᠡᠭ︾ ᠢ ᠠᠵᠢᠯ ᠢᠶᠠᠨ ᠠᠬᠢᠭᠤᠯᠬᠤ ︽ᠠᠯᠲᠠᠨ ᠲᠦᠯᠬᠢᠭᠦᠷ︾ ᠪᠣᠯᠭᠠᠵᠤ᠂ ᠠᠵᠢᠯ ᠢ ᠠᠬᠢᠭᠤᠯᠬᠤ ᠬᠠᠲᠠᠭᠤ ᠠᠷᠭ᠎ᠠ ᠪᠣᠳᠠᠲᠠᠶ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠦᠨᠡᠨ ᠬᠦ ᠠᠳᠬᠤᠨ ᠪᠣᠳᠠᠲᠠᠶ ᠬᠢᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠪᠥᠬᠦ ᠶᠠᠪᠤᠴᠠ ᠳᠤ ᠰᠢᠮᠳᠠᠭᠤᠯᠤᠨ ᠭᠦᠢᠴᠡᠳᠬᠡᠵᠦ᠂ ᠨᠢᠭᠡ ᠰᠠᠨᠠᠭᠤᠯᠭ᠎ᠠ ᠶᠢ ᠰᠢᠢᠳᠪᠦᠷᠢᠯᠡᠬᠦ᠂ ᠨᠢᠭᠡ ᠲᠥᠷᠥᠯ ᠤᠨ ᠠᠰᠠᠭᠤᠳᠠᠯ ᠢ ᠰᠢᠢᠳᠪᠦᠷᠢᠯᠡᠬᠦ ᠶᠢ ᠪᠡᠶᠡᠯᠡᠭᠦᠯᠵᠦ᠂ 2024 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ︽ᠭᠤᠷᠪᠠᠨ ᠨᠣᠷᠮ᠎ᠠ︾ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠯᠪᠣᠭᠳᠠᠯ ᠪᠦᠬᠦᠢ ᠳᠣᠲᠣᠭᠠᠳᠤ ᠪᠠᠶᠢᠭᠤᠯᠤᠮᠵᠢ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠳᠠᠭᠠᠭᠠᠨ ᠠᠪᠴᠤ ᠭᠦᠢᠴᠡᠳᠭᠡᠬᠦ ᠨᠢᠭᠡᠴᠡ ᠶᠢᠨ ᠭᠤᠣᠯ ᠬᠠᠷᠢᠭᠤᠴᠠᠯᠭᠠᠲᠠᠨ ᠤᠷᠤᠯᠴᠠᠪᠠ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号