ᠠᠷᠢᠬᠢ ᠤᠤᠭᠤᠳᠠᠭ ᠬᠦᠮᠤᠰ ᠠᠩᠬᠠᠷ᠄ ᠡᠮ ᠠᠷᠢᠬᠢ ᠬᠤᠶᠠᠷ ᠬᠠᠷᠰᠢ ᠶᠤᠮ᠂ ᠠᠷᠢᠬᠢ ᠤᠤᠭᠤᠭᠰᠠᠨ ᠦᠶ᠎ᠡ ᠳᠤ | ᠲᠸᠥ ᠪᠣᠤ ᠠᠴᠠ ᠭᠠᠳᠠᠨ᠎ᠠ ᠪᠠᠰᠠ ᠡᠳᠡᠭᠡᠷ ᠡᠮ ᠢ ᠤᠤᠭᠤᠵᠤ ᠤᠭᠳᠤ ᠪᠤᠯᠬᠤ ᠦᠭᠡᠢ︕ | 1 . ᠲᠸᠥ ᠪᠣᠤ ︵头孢︶ ᠶᠢᠨ ᠲᠥᠷᠥᠯ ᠤᠨ ᠡᠮ᠃ ᠠᠷᠢᠬᠢ ᠤᠤᠭᠤᠭᠰᠠᠨ ᠤ ᠳᠠᠷᠠᠭᠠᠬᠢ 3 | ᠡᠳᠦᠷ ᠤᠨ ᠲᠣᠲᠣᠷ᠎ᠠ ᠲᠸᠥ ᠪᠣᠤ ᠶᠢᠨ ᠲᠥᠷᠥᠯ ᠤᠨ ᠡᠮ ᠬᠡᠷᠡᠭᠯᠡᠵᠦ ᠪᠣᠯᠬᠤ ᠦᠭᠡᠢ᠃ ᠲᠸᠥ ᠪᠣᠤ ᠬᠡᠷᠡᠭᠯᠡᠭᠰᠡᠨ ᠪᠤᠯ | 7 ᠡᠳᠦᠷ ᠤᠨ ᠳᠣᠲᠣᠷ᠎ᠠ ᠠᠷᠢᠬᠢ ᠤᠤᠭᠤᠵᠤ ᠪᠣᠯᠬᠤ ᠥᠬᠡᠶ᠂ ᠬᠠᠮᠲᠤ ᠳᠤᠨᠢ ᠰᠫᠢᠷᠲ ᠠᠭᠤᠯᠤᠭᠰᠠᠨ ᠡᠮ ᠪᠠ | ᠢᠳᠡᠭᠡᠨ ᠢ ᠪᠠᠰᠠ ᠴᠡᠭᠡᠷᠯᠡᠬᠦ ᠬᠡᠷᠡᠭᠲᠡᠢ᠃ | 2 . ᠬᠤᠯᠢᠮᠠᠭ ᠠᠼᠤᠲ᠋ᠢᠯ ᠠᠮᠢᠨᠣ᠋ ᠹᠤᠨᠤᠯ ᠬᠠᠪᠲᠠᠭᠠᠶ ᠦᠷᠢᠯ ︵对乙酰氨基酚片︶᠃ | ᠰᠤᠳᠤᠯᠭᠠᠨ ᠠᠴᠠ ᠦᠵᠡᠪᠡᠯ᠂ ᠠᠷᠢᠬᠢ ᠤᠤᠭᠤᠬᠤ ᠨᠢ ᠬᠤᠯᠢᠮᠠᠭ ᠠᠼᠤᠲ᠋ᠢᠯ ᠠᠮᠢᠨᠣ᠋ ᠹᠤᠨᠤᠯ ᠠᠴᠠ ᠡᠯᠢᠭᠡᠨ ᠳᠤ | ᠦᠵᠡᠭᠦᠯᠬᠦ ᠬᠤᠣᠷᠳᠠᠯ ᠢ ᠨᠡᠮᠡᠭᠳᠡᠭᠦᠯᠬᠦ ᠪᠣᠯᠤᠯᠴᠠᠭ᠎ᠠ ᠲᠠᠢ᠃ | 3 . ᠴᠢᠰᠤᠨ ᠳᠠᠷᠤᠯᠲᠠ ᠶᠢ ᠪᠠᠭᠤᠷᠠᠭᠤᠯᠬᠤ ᠡᠮ ︵降压药︶᠃ ᠬᠡᠷᠪᠡ ᠠᠷᠢᠬᠢᠨ ᠤ ᠳᠠᠷᠠᠭ᠎ᠠ | ᠴᠢᠰᠤᠨ ᠲᠠᠷᠤᠯᠲᠠ ᠶᠢ ᠪᠠᠭᠤᠷᠠᠭᠤᠯᠬᠤ ᠡᠮ ᠤᠤᠭᠤᠪᠠᠯ᠂ ᠨᠠᠷᠢᠨ ᠰᠤᠳᠠᠯ ᠢ ᠨᠡᠩ ᠲᠡᠯᠡᠭᠳᠡᠭᠦᠯᠵᠦ᠂ ᠴᠢᠰᠤᠨ | ᠳᠠᠷᠤᠯᠲᠠ ᠶᠢ ᠴᠣᠴᠢᠮᠠᠭ ᠪᠠᠭᠤᠷᠠᠭᠤᠯᠵᠤ᠂ ᠪᠡᠶ᠎ᠡ ᠶᠢᠨ ᠪᠠᠶᠢᠷᠢ ᠶᠢᠨ ᠬᠤᠪᠢᠷᠠᠯᠲᠠ ᠶᠢᠨ ᠴᠢᠨᠠᠷᠲᠠᠢ ᠴᠢᠰᠤᠨ ᠳᠠᠷᠤᠯᠲᠠ | ᠳᠣᠣᠷ᠎ᠠ ᠪᠤᠶᠤ ᠤᠬᠠᠭᠠᠨ ᠠᠯᠳᠠᠬᠤ ᠪᠠᠶᠢᠳᠠᠯ ᠠᠮᠠᠷᠬᠠᠨ ᠭᠠᠷᠳᠠᠭ᠃ | 4 ᠠᠰᠫᠢᠷᠢᠨ ︵阿司匹林︶᠃ ᠠᠰᠫᠢᠷᠢᠨ ᠠᠷᠢᠭᠢ ᠨᠡᠶᠢᠯᠡᠪᠡᠯ ᠰᠢᠩᠭᠡᠭᠡᠯᠲᠡ ᠶᠢᠨ ᠵᠠᠮ ᠳᠤ | ᠰᠡᠳᠦᠯᠲᠡ ᠥᠭᠴᠦ᠂ ᠬᠤᠳᠣᠭᠤᠳᠣᠨ ᠤ ᠰᠠᠯᠢᠰᠤᠲᠤ ᠪᠦᠷᠬᠦᠪᠴᠢ ᠶᠢᠨ ᠡᠪᠡᠳᠴᠢᠨ ᠤ ᠬᠤᠪᠢᠷᠠᠯᠲᠠ ᠶᠢ ᠡᠭᠦᠰᠭᠡᠬᠦ | ᠪᠤᠶᠤ ᠰᠢᠷᠬᠠᠯᠠᠭ᠎ᠠ ᠶᠢ ᠳᠠᠬᠢᠨ ᠡᠭᠦᠰᠭᠡᠵᠦ᠂ ᠠᠰᠫᠢᠷᠢᠨ ᠳᠤ ᠬᠤᠯᠪᠤᠭᠳᠠᠭᠰᠠᠨ ᠳᠡᠭᠡᠳᠦ ᠰᠢᠩᠭᠡᠭᠡᠯᠲᠡ ᠶᠢᠨ ᠵᠠᠮ ᠠᠴᠠ | ᠴᠢᠰᠤ ᠭᠠᠷᠬᠤ ᠲᠦᠭᠰᠢᠭᠦᠷᠢ ᠶᠢ ᠨᠡᠮᠡᠭᠳᠡᠭᠦᠯᠦᠨ᠎ᠡ᠃ | 5 . ᠲᠠᠶᠢᠳᠬᠬᠷᠠᠭᠤᠯᠤᠨ ᠤᠨᠲᠠᠭᠤᠯᠬᠤ ᠡᠮ ︵镇静催眠药︶᠃ ᠲᠠᠶᠢᠳᠬᠤᠷᠠᠭᠤᠯᠤᠨ | ᠤᠨᠲᠠᠭᠤᠯᠬᠤ ᠡᠮᠲᠦ ᠪᠣᠳᠠᠰ ᠪᠣᠯᠤᠨ ᠡᠲ᠋ᠠᠨᠤᠯ ᠢ ᠬᠠᠮᠲᠤᠷᠠᠭᠤᠯᠤᠨ ᠬᠡᠷᠡᠭᠯᠡᠭᠰᠡᠨ ᠤ ᠳᠠᠷᠠᠭ᠎ᠠ᠂ ᠲᠥᠪ ᠮᠡᠳᠡᠷᠡᠯ ᠢ | ᠰᠠᠭᠠᠳᠠᠭᠤᠯᠬᠤ ᠬᠡᠮᠵᠢᠶ᠎ᠡ ᠨᠢ ᠡᠮᠲᠦ ᠪᠣᠳᠠᠰ ᠤᠨ ᠲᠥᠷᠥᠯ ᠵᠦᠢᠯ᠂ ᠡᠮ ᠬᠡᠷᠡᠭᠯᠡᠬᠦ ᠬᠡᠮᠵᠢᠶ᠎ᠡ᠂ ᠠᠷᠢᠬᠢ ᠤᠤᠭᠤᠬᠤ | ᠬᠡᠮᠵᠢᠶ᠎ᠡ ᠲᠠᠢ ᠬᠠᠷᠢᠴᠠᠭ᠎ᠠ ᠲᠠᠢ ᠪᠠᠶᠢᠳᠠᠭ᠂ ᠲᠡᠭᠦᠨ ᠤ ᠢᠯᠡᠷᠡᠯ ᠭᠡᠪᠡᠯ ᠮᠠᠩᠰᠢᠭᠤᠷᠠᠭᠤᠯᠤᠨ ᠤᠨᠳᠠᠭᠤᠯᠬᠤ᠂ | ᠲᠤᠰᠬᠠᠯ ᠤᠨ ᠴᠢᠳᠠᠪᠤᠷᠢ ᠶᠢ ᠪᠠᠭᠤᠷᠠᠭᠤᠯᠬᠤ᠂ ᠠᠩᠬᠠᠷᠤᠯ ᠰᠠᠷᠨᠢᠭᠤᠯᠬᠤ᠂ ᠵᠣᠬᠢᠴᠠᠭᠤᠯᠬᠤ ᠴᠢᠳᠠᠪᠤᠷᠢ ᠶᠢ | ᠮᠠᠭᠤᠲᠠᠭᠤᠯᠵᠤ᠂ ᠬᠦᠨᠳᠤ ᠨᠣᠴᠢᠲᠠᠶ ᠨᠢ ᠦᠬᠦᠭᠦᠯᠵᠦ ᠮᠡᠳᠡᠨ᠎ᠡ᠃ | 6 . ᠤᠨᠠᠳᠠᠭ ᠡᠪᠡᠳᠴᠢᠨ ᠢ ᠳᠠᠷᠤᠬᠤ ᠡᠮ ︵抗癫痫药︶᠃ ᠡᠲ᠋ᠠᠨᠤᠯ ᠨᠢ ᠵᠠᠷᠢᠮ ᠤᠨᠠᠳᠠᠭ | ᠡᠪᠡᠳᠴᠢᠨ ᠢ ᠳᠠᠷᠤᠬᠤ ᠡᠮ ᠤᠨ ᠰᠣᠯᠢᠯᠴᠠᠭ᠎ᠠ ᠶᠢ ᠨᠥᠯᠥᠭᠡᠯᠡᠵᠦ᠂ ᠡᠮᠴᠢᠯᠡᠭᠡᠨ ᠤ ᠦᠢᠯᠡᠳᠦᠯ ᠢ ᠨᠥᠯᠥᠭᠡᠯᠡᠳᠡᠭ᠃ | ᠡᠭᠦᠨ ᠠᠴᠠ ᠭᠠᠳᠠᠨ᠎ᠠ᠂ ᠠᠷᠢᠬᠢ ᠤᠤᠭᠤᠬᠤ ᠨᠢ ᠪᠠᠰᠠ ᠤᠨᠠᠳᠠᠭ ᠡᠪᠡᠳᠴᠢᠨ ᠢ ᠡᠭᠦᠰᠭᠡᠵᠦ ᠮᠡᠳᠡᠨ᠎ᠡ᠃ ᠡᠶᠢᠮᠦ ᠠᠴᠠ | ᠤᠨᠠᠳᠠᠭ ᠡᠪᠡᠳᠴᠢᠲᠡᠨ ᠠᠷᠢᠬᠢ ᠤᠤᠭᠤᠵᠦ ᠪᠤᠯᠬᠤ ᠦᠭᠡᠢ᠃ | 7 . ᠴᠢᠰᠤᠨ ᠰᠢᠬᠢᠷ ᠢ ᠪᠠᠭᠤᠷᠠᠭᠤᠯᠬᠤ ᠡᠮ ︵降糖药︶᠃ ᠴᠢᠰᠤᠨ ᠰᠢᠬᠢᠷ ᠢ ᠪᠠᠭᠤᠷᠠᠭᠤᠯᠬᠤ ᠡᠮ ᠢ | ᠤᠤᠭᠤᠵᠤ ᠪᠠᠶᠢᠬᠤ ᠬᠤᠭᠤᠴᠠᠭᠠᠨ ᠳᠤ ᠠᠷᠢᠬᠢ ᠤᠤᠭᠤᠪᠠᠯ᠂ ᠴᠢᠰᠤᠨ ᠰᠢᠬᠢᠷ ᠬᠦᠨᠳᠦ ᠨᠣᠴᠢᠲᠠᠶ ᠲᠤᠤᠷᠠᠳᠠᠬᠤ | ᠪᠤᠶᠤ ᠰᠥᠷᠴᠦ ᠪᠣᠯᠤᠰᠢ ᠥᠬᠡᠶ ᠮᠡᠳᠡᠷᠡᠯ ᠤᠨ ᠰᠢᠰᠲ᠋ᠧᠮ ᠤᠨ ᠡᠪᠡᠳᠴᠢᠨ ᠤ ᠬᠤᠪᠢᠷᠠᠯᠲᠠ ᠭᠠᠷᠴᠤ ᠮᠡᠳᠡᠨ᠎ᠡ᠃ |