ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠠᠴᠠ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠳᠠᠰᠬᠠᠯ | ᠳᠠᠭᠠᠭᠠᠯᠭᠠᠪᠤᠷᠢ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠳᠠᠷᠤᠭᠠᠰᠤ ᠶᠢ ᠴᠢᠨᠠᠭᠰᠢᠳᠠ ᠬᠥᠩᠭᠡᠷᠡᠭᠦᠯᠬᠦ | ᠲᠤᠬᠠᠶ ᠰᠠᠨᠠᠯ︾ ︵ᠲᠤᠷᠤᠬᠰᠢ ᠰᠠᠨᠠᠯ ᠭᠡᠵᠤ ᠲᠦᠭᠦᠮᠴᠢᠯᠡᠨ᠎ᠡ︶ ᠢ ᠨᠡᠶᠢᠳᠡᠯᠡᠭᠰᠡᠨ ᠠᠴᠠ ᠨᠠᠭᠠᠰᠢ᠂ ᠡᠨᠡ ᠬᠦ | ᠰᠠᠨᠠᠯ ᠨᠢ ᠨᠡᠶᠢᠭᠡᠮ ᠨᠡᠶᠢᠳᠡ ᠶᠢᠨ ᠠᠩᠬᠠᠷᠤᠯ ᠳᠤ ᠬᠦᠷᠴᠤ ᠪᠠᠶᠢᠨ᠎ᠠ᠃ ᠡᠭᠦᠨ ᠤ ᠰᠢᠯᠳᠠᠭᠠᠨ ᠨᠢ᠄ | ᠨᠢᠭᠡ ᠳᠤ᠂ ᠬᠢᠴᠢᠶᠡᠯ ᠨᠦᠬᠦᠬᠦ ᠳᠤ ᠲᠦᠰᠢᠭᠯᠡᠨ ᠤᠷᠤᠯᠭ᠎ᠠ ᠤᠯᠵᠤ ᠪᠠᠶᠢᠬᠰᠠᠨ ᠨᠢᠭᠡ ᠪᠦᠯᠦᠭ ᠪᠠᠶᠢᠭᠤᠯᠤᠮᠵᠢ | ᠬᠢᠭᠡᠳ ᠬᠦᠮᠦᠰ ᠤᠨ ︽ᠪᠤᠳᠠᠭᠠᠨ ᠠᠶᠠᠭ᠎ᠠ︾ ᠶᠢ ᠬᠠᠭᠠᠯᠤᠬᠰᠠᠨ ᠳᠤ ᠪᠤᠢ᠃ | ᠬᠤᠶᠠᠷ ᠲᠤ᠂ ᠬᠢᠴᠢᠶᠡᠯ ᠨᠦᠬᠦᠬᠦ ︽ᠬᠡᠷᠡᠭᠴᠡᠭᠡ︾ ᠲᠠᠢ ᠬᠦᠮᠦᠰ ᠤᠨ ᠬᠠᠩᠭᠠᠯᠭ᠎ᠠ ᠶᠢ ᠲᠠᠰᠤᠯᠤᠬᠰᠠᠨ ᠳᠤ ᠪᠤᠢ | ᠃ | ᠬᠢᠴᠢᠶᠡᠯ ᠨᠦᠬᠦᠬᠦ ᠦᠵᠡᠭᠳᠡᠯ ᠴᠤᠬᠤᠮ ᠬᠡᠵᠢᠶ᠎ᠡ ᠠᠴᠠ ᠪᠤᠢ ᠪᠤᠯᠤᠬᠰᠠᠨ ᠢ ᠨᠠᠷᠢᠨ ᠬᠡᠯᠡᠬᠦ ᠶᠢᠨ ᠠᠷᠭ᠎ᠠ ᠦᠭᠡᠢ᠃ | ᠭᠡᠶ᠎ᠡ ᠤᠷᠴᠢᠮ ᠤᠨ ᠵᠢᠯ ᠠᠴᠠ ᠨᠠᠭᠠᠰᠢ᠂ ᠡᠨᠡ ᠬᠦ ᠦᠵᠡᠭᠳᠡᠯ ᠶᠠᠪᠤᠬᠤ ᠲᠤᠳᠤᠮ ᠬᠦᠨᠳᠦ ᠨᠤᠴᠢᠳᠠᠢ ᠪᠤᠯᠵᠤ᠂ | ᠤᠤᠯ ᠳᠠᠭᠠᠨ ᠦᠨᠳᠦᠷ ᠲᠤᠮᠳᠠᠳᠤ ᠶᠢᠨ ᠰᠤᠷᠤᠬᠴᠢᠳ ᠬᠢᠴᠢᠶᠡᠯ ᠨᠦᠬᠦᠵᠤ ᠪᠠᠶᠢᠬᠰᠠᠨ ᠪᠤᠯ ᠤᠳᠤ ᠪᠦᠷ ᠪᠠᠭ᠎ᠠ | ᠰᠤᠷᠭᠠᠭᠤᠯᠢ ᠶᠢᠨ ᠬᠡᠤᠬᠡᠳ ᠬᠦᠷᠳᠡᠯ᠎ᠡ ᠬᠢᠴᠢᠶᠡᠯ ᠨᠦᠬᠦᠬᠦ ᠪᠤᠯᠵᠠᠢ᠃ ᠲᠡᠭᠡᠬᠦ ᠮᠦᠷᠳᠡᠭᠡᠨ ᠬᠢᠴᠢᠶᠡᠯ ᠨᠦᠬᠦᠬᠦ | ᠰᠦᠢᠳᠭᠡᠯ ᠴᠤ ᠤᠯᠠᠮ ᠢᠶᠠᠷ ᠦᠨᠳᠦᠷ ᠪᠤᠯᠵᠤ᠂ ᠨᠢᠭᠡ ᠴᠠᠭ ᠬᠢᠴᠢᠶᠡᠯ ᠨᠦᠬᠦᠪᠡᠯ ᠪᠠᠭ᠎ᠠ ᠳᠠᠭᠠᠨ ᠬᠡᠳᠦᠨ ᠵᠠᠭᠤᠨ | ᠲᠦᠭᠦᠷᠢᠭ ᠵᠠᠷᠤᠴᠠᠭᠤᠯᠵᠤ᠂ ᠭᠡᠷ ᠤᠨ ᠠᠬᠠᠮᠠᠳ ᠤᠨ ᠲᠠᠷᠤᠭᠠᠰᠤ ᠶᠢ ᠶᠡᠭᠡ ᠪᠠᠷ ᠬᠦᠨᠳᠦᠷᠡᠭᠦᠯᠦᠭᠰᠡᠨ ᠪᠠᠶᠢᠨ᠎ᠠ᠃ | ᠲᠡᠭᠷᠢ ᠶᠢᠨ ᠲᠤᠤᠷ᠎ᠠ ᠬᠡᠶᠢᠰᠴᠤ ᠢᠷᠡᠭᠰᠡᠨ ᠵᠤᠭᠤᠰ ᠭᠡᠵᠤ ᠬᠠᠮᠢᠭ᠎ᠠ ᠪᠠᠶᠢᠬᠤ ᠪᠤᠢ⁈ ᠭᠡᠶ᠎ᠡ ︽ᠦᠷ᠎ᠡ ᠶᠢᠨ | ᠲᠦᠯᠦᠭᠡ ᠦᠳᠡᠯᠵᠤ᠂ ᠵᠤᠯᠵᠠᠭ᠎ᠠ ᠶᠢᠨ ᠲᠦᠯᠦᠭᠡ ᠵᠤᠳᠠᠳᠠᠭ︾ ᠶᠢᠷᠳᠢᠨᠴᠤ ᠶᠢᠨ ᠵᠢᠮ᠎ᠠ ᠬᠤᠶᠢᠨ᠎ᠠ᠂ ᠭᠡᠷ ᠤᠨ | ᠠᠬᠠᠮᠠᠳ ᠨᠠᠷ ᠰᠢᠳᠤ ᠪᠠᠨ ᠵᠠᠭᠤᠵᠤ᠂ ᠪᠤᠰᠤᠳ ᠵᠠᠷᠤᠳᠠᠯ ᠢᠶᠠᠨ ᠠᠷᠪᠢᠯᠠᠵᠤ ᠪᠠᠶᠢᠭᠠᠳ ᠴᠤ ᠭᠡᠰᠡᠨ ᠬᠡᠤᠬᠡᠳ ᠲᠡᠭᠡᠨ | ᠬᠢᠴᠢᠶᠡᠯ ᠨᠦᠬᠦᠵᠤ ᠪᠠᠶᠢᠨ᠎ᠠ᠃ | ᠶᠠᠭᠤ ᠭᠡᠵᠤ ᠬᠢᠴᠢᠶᠡᠯ ᠨᠦᠬᠦᠵᠤ ᠪᠠᠶᠢᠭ᠎ᠠ ᠪᠤᠯ ᠳ᠋ᠠ︖ ᠦᠨᠡᠨ ᠢ ᠬᠡᠯᠡᠪᠡᠯ ᠭᠠᠭᠴᠠ ᠬᠦ ︽ᠦᠨᠳᠦᠷ ᠬᠤᠪᠢ︾ | ᠶᠢᠨ ᠲᠦᠯᠦᠭᠡ ᠪᠠᠶᠢᠬᠤ ᠡ᠃ ᠪᠠᠭ᠎ᠠ ᠰᠤᠷᠭᠠᠭᠤᠯᠢ ᠶᠢᠨ ᠰᠤᠷᠤᠬᠴᠢᠳ ᠬᠢᠴᠢᠶᠡᠯ ᠨᠦᠬᠦᠵᠤ ᠪᠠᠶᠢᠭ᠎ᠠ ᠨᠢ ᠰᠠᠶᠢᠨ | ᠲᠤᠮᠳᠠᠳᠤ ᠰᠣᠷᠭᠠᠭᠤᠯᠢ ᠳᠤ ᠤᠷᠤᠬᠤ ᠶᠢᠨ ᠲᠦᠯᠦᠭᠡ︔ ᠲᠤᠮᠳᠠᠳᠤ ᠰᠤᠷᠭᠠᠭᠤᠯᠢ ᠶᠢᠨ ᠰᠤᠷᠤᠬᠴᠢ ᠬᠢᠴᠢᠶᠡᠯ | ᠨᠦᠬᠦᠵᠤ ᠪᠠᠶᠢᠭ᠎ᠠ ᠨᠢ ᠰᠠᠶᠢᠨ ᠦᠨᠳᠦᠷ ᠲᠤᠮᠳᠠᠳᠤ ᠳᠤ ᠤᠷᠤᠬᠤ ᠶᠢᠨ ᠲᠦᠯᠦᠭᠡ︔ ᠦᠨᠳᠦᠷ ᠲᠤᠮᠳᠠᠳᠤ ᠶᠢᠨ | ᠰᠤᠷᠤᠬᠴᠢ ᠬᠢᠴᠢᠶᠡᠯ ᠨᠦᠬᠦᠵᠤ ᠪᠠᠶᠢᠭ᠎ᠠ ᠨᠢ ᠰᠠᠶᠢᠨ ᠶᠡᠭᠡ ᠰᠤᠷᠭᠠᠭᠤᠯᠢ ᠳᠤ ᠤᠷᠤᠬᠤ ᠶᠢᠨ ᠲᠦᠯᠦᠭᠡ ᠶᠤᠮ᠃ | ᠲᠡᠭᠡᠬᠦ ᠮᠦᠷᠳᠡᠭᠡᠨ ︽ᠦᠨᠳᠦᠷ ᠬᠤᠪᠢ︾ ᠨᠢ ᠭᠡᠷ ᠤᠨ ᠠᠬᠠᠮᠠᠳ ᠤᠨ ᠦᠷ᠎ᠡ ᠬᠡᠤᠬᠡᠳ ᠤᠨ ᠢᠶᠠᠨ ︽ᠰᠠᠶᠢᠨ᠂ | ᠠᠨᠠᠢ︾ ᠶᠢ ᠦᠨᠡᠯᠡᠬᠦ ᠴᠤᠷ ᠤᠨ ᠭᠠᠭᠴᠠ ᠪᠠᠷᠢᠮᠵᠢᠶ᠎ᠠ ᠪᠤᠯᠵᠤ ᠪᠠᠶᠢᠭ᠎ᠠ ᠳᠤ ᠭᠠᠶᠢᠬᠠᠭᠤᠰᠢᠳᠠᠢ᠂ ᠰᠡᠷᠡᠮᠵᠢᠯᠡᠭᠦᠰᠢᠳᠠᠢ᠂ | ᠪᠤᠳᠤᠯᠬᠢᠯᠠᠭᠤᠰᠢᠳᠠᠢ ᠶᠤᠮ᠃ | ᠰᠤᠷᠭᠠᠨ ᠬᠦᠮᠦᠵᠢᠯ ᠤᠨ ᠦᠨᠳᠦᠰᠦᠨ ᠡᠭᠦᠷᠭᠡ ᠨᠢ ᠶᠠᠭᠤ ᠪᠤᠢ ᠭᠡᠪᠡᠯ ︽ᠰᠠᠨᠠᠯ︾ ᠳᠤ ︽ᠶᠤᠰᠤ | ᠰᠤᠷᠳᠠᠬᠤᠨ ᠢᠶᠠᠷ ᠬᠦᠮᠦᠨ ᠢ ᠬᠦᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠎ᠠ︾ ᠭᠡᠵᠤ | ᠲᠤᠷᠠᠳᠤᠬᠰᠠᠨ ᠪᠠᠶᠢᠨ᠎ᠠ᠃ ᠲᠠᠷᠢᠬᠢ ᠲᠤᠯᠤᠭᠠᠢ ᠰᠡᠷᠭᠡᠭ᠂ ᠴᠢᠷᠮᠠᠶᠢᠯᠳᠠ ᠲᠠᠢ ᠪᠤᠯ ᠶᠠᠮᠠᠷ ᠴᠤ ᠮᠡᠳᠡᠯᠭᠡ ᠶᠢ ᠰᠤᠷᠴᠤ | ᠪᠤᠯᠤᠨ᠎ᠠ᠃ ᠭᠡᠪᠡᠴᠤ ᠶᠤᠰᠤ ᠰᠤᠷᠳᠠᠬᠤᠨ ᠲᠠᠢ ᠬᠦᠮᠦᠨ ᠢ ᠬᠦᠮᠦᠵᠢᠭᠦᠯᠬᠦ ᠳᠤ ᠲᠡᠶᠢᠮᠤ ᠬᠢᠯᠪᠠᠷ ᠪᠢᠰᠢ᠃ ᠡᠷᠳᠡᠨ ᠤ | ᠦᠭᠡᠨ ᠳᠤ ︽ᠤᠷᠢᠳ ᠢᠶᠠᠷ ᠬᠦᠮᠦᠨ ᠪᠤᠯᠵᠤ᠂ ᠲᠠᠷᠠᠭ᠎ᠠ ᠨᠢ ᠠᠵᠢᠯ ᠬᠢᠨ᠎ᠠ︾᠂ ︽ᠠᠷᠪᠠᠨ ᠵᠢᠯ ᠳᠤ ᠮᠤᠳᠤ ᠪᠤ | ᠵᠢᠵᠢᠭᠤᠯᠵᠤ᠂ ᠵᠠᠭᠤᠨ ᠵᠢᠯ ᠳᠤ ᠬᠦᠮᠦᠨ ᠬᠦᠮᠦᠵᠢᠭᠦᠯᠦᠨ᠎ᠠ︾ ᠭᠡᠵᠤ ᠶᠠᠷᠢᠳᠠᠭ ᠨᠢ ᠬᠦᠮᠦᠨ ᠪᠤᠯᠬᠤ ᠶᠠᠪᠤᠴᠠ ᠳᠠᠬᠢ | ᠶᠤᠰᠤ ᠰᠤᠷᠳᠠᠬᠤᠨ ᠤ ᠴᠢᠬᠤᠯᠠ ᠴᠢᠨᠡᠷ ᠢ ᠵᠢᠭᠠᠵᠤ ᠭᠠᠷᠭᠠᠬᠰᠠᠨ ᠪᠠᠶᠢᠳᠠᠭ᠃ ᠲᠡᠯᠡᠬᠡᠢ ᠶᠢᠨ ᠨᠡᠷᠡᠳᠤ ᠬᠦᠴᠦᠷᠬᠡᠭ | ᠠᠵᠤ ᠠᠬᠤ᠋ ᠵᠢᠯᠠᠯ ᠤᠨ ᠰᠤᠶᠤᠯ ᠳᠤ ︽ᠮᠤᠷᠠᠯ ᠲᠠᠢ ᠮᠡᠳᠡᠯᠭᠡ ᠲᠠᠢ ᠶᠢ ᠨᠢ ᠲᠠᠪᠰᠢᠭᠦᠯᠵᠦ ᠪᠠᠶᠢᠭᠠᠳ ᠬᠡᠷᠡᠭᠯᠡᠨ᠎ᠡ᠂ | ᠮᠤᠷᠠᠯ ᠲᠠᠢ ᠮᠡᠳᠡᠯᠭᠡ ᠦᠭᠡᠢ ᠶᠢ ᠬᠦᠮᠦᠵᠢᠭᠦᠯᠵᠤ ᠪᠠᠶᠢᠭᠠᠳ ᠬᠡᠷᠡᠭᠯᠡᠨ᠎ᠡ᠂ ᠮᠤᠷᠠᠯ ᠦᠭᠡᠢ ᠮᠡᠳᠡᠯᠭᠡ ᠲᠠᠢ ᠶᠢ ᠨᠢ | ᠬᠢᠵᠠᠭᠠᠷᠯᠠᠵᠤ ᠪᠠᠶᠢᠭᠠᠳ ᠬᠡᠷᠡᠭᠯᠡᠨ᠎ᠡ᠂ ᠮᠤᠷᠠᠯ ᠦᠭᠡᠢ ᠮᠡᠳᠡᠯᠭᠡ ᠦᠭᠡᠢ ᠶᠢ ᠨᠢ ᠶᠠᠭᠠᠬᠢᠬᠰᠠᠨ ᠴᠤ ᠬᠡᠷᠡᠭᠯᠡᠬᠦ ᠦᠭᠡᠢ︾ | ᠭᠡᠰᠡᠨ ᠬᠦᠮᠦᠨ ᠬᠡᠷᠡᠭᠯᠡᠬᠦ ᠵᠠᠷᠴᠢᠮ ᠦᠷᠭᠡᠨ ᠢᠶᠠᠷ ᠲᠦᠭᠡᠮᠡᠯᠵᠢᠭᠰᠡᠨ ᠪᠠᠶᠢᠳᠠᠭ᠃ ᠡᠶᠢᠮᠤ ᠪᠤᠯᠬᠤᠷ ᠪᠢᠳᠡ | ᠬᠡᠤᠬᠡᠳ ᠢᠶᠠᠨ ᠬᠦᠮᠦᠵᠢᠭᠦᠯᠬᠦ ᠳᠤ ᠶᠠᠭᠠᠬᠢᠬᠰᠠᠨ ᠴᠤ ᠭᠠᠭᠴᠠ ︽ᠦᠨᠳᠦᠷ ᠬᠤᠪᠢ︾ ᠪᠠᠷ ᠪᠠᠷᠢᠮᠵᠢᠶᠠᠯᠠᠵᠤ ᠪᠤᠯᠬᠤ | ᠦᠭᠡᠢ᠂ ᠬᠠᠷᠢᠨ ᠶᠤᠰᠤ ᠰᠤᠷᠳᠠᠬᠤᠨ ᠤ ᠬᠦᠮᠦᠵᠢᠯ ᠢ ᠴᠤ ᠵᠡᠷᠭᠡ ᠪᠠᠷ ᠴᠢᠬᠤᠯᠠᠴᠢᠯᠠᠬᠤ ᠨᠢ ᠵᠦᠢᠳᠡᠢ᠃ | ᠬᠢᠴᠢᠶᠡᠯ ᠨᠦᠬᠦᠬᠦ ᠦᠵᠡᠭᠳᠡᠯ ᠨᠢ ︽ᠰᠠᠨᠠᠯ︾ ᠤᠨ ᠨᠡᠶᠢᠳᠡᠯᠡᠭᠳᠡᠬᠦ ᠶᠢ ᠲᠠᠭᠠᠯᠳᠤᠨ ᠲᠡᠤᠬᠡ ᠶᠢᠨ ᠲᠠᠪᠴᠠᠩ ᠠᠴᠠ | ᠤᠬᠤᠷᠢᠨ ᠭᠠᠷᠬᠤ ᠪᠤᠯᠤᠨ᠎ᠠ᠃ ᠲᠡᠭᠡᠪᠡᠯ ᠬᠡᠤᠬᠡᠳ ᠤᠨ ᠰᠤᠷᠤᠯᠭ᠎ᠠ ᠶᠢᠨ ᠲᠤᠬᠠᠢ ᠭᠡᠷ ᠤᠨ ᠠᠬᠠᠮᠠᠳ ᠤᠨ | ᠰᠠᠨᠠᠭᠠᠰᠢᠷᠠᠯ ᠢ ᠬᠡᠷᠬᠢᠨ ᠰᠢᠢᠳᠪᠦᠷᠢᠯᠡᠬᠦ ᠪᠤᠢ︖ ︽ᠰᠠᠨᠠᠯ︾ ᠳᠤ ︽ᠲᠠᠰᠬᠠᠯ ᠲᠠᠭᠠᠭᠠᠯᠭᠠᠪᠤᠷᠢ ᠶᠢᠨ | ᠬᠠᠮᠢᠶᠠᠷᠤᠯᠳᠠ ᠶᠢᠨ ᠲᠤᠬᠳᠠᠴᠠ ᠶᠢ ᠲᠡᠭᠦᠯᠳᠡᠷᠵᠢᠭᠦᠯᠦᠨ᠎ᠠ︔ ᠲᠦᠷᠦᠯ ᠠᠩᠬᠢᠯᠠᠨ ᠲᠠᠰᠬᠠᠯ ᠲᠠᠭᠠᠭᠠᠯᠭᠠᠪᠤᠷᠢ ᠶᠢᠨ | ᠶᠡᠷᠦᠩᠬᠡᠢ ᠬᠡᠮᠵᠢᠶ᠎ᠡ ᠶᠢ ᠲᠤᠳᠤᠷᠬᠠ᠊ ᠵᠢᠯᠠᠨᠠ︔ ᠲᠠᠰᠬᠠᠯ ᠲᠠᠭᠠᠭᠠᠯᠭᠠᠪᠤᠷᠢ ᠶᠢ ᠪᠡᠶᠡᠯᠡᠭᠦᠯᠬᠦ ᠵᠢᠯᠤᠭᠤᠳᠤᠯᠭ᠎ᠠ ᠶᠢ | ᠴᠢᠩᠭᠠᠳᠬᠠᠨ᠎ᠠ︔ ᠬᠢᠴᠢᠶᠡᠯ ᠤᠨ ᠭᠠᠳᠠᠨᠠᠬᠢ ᠰᠤᠯᠠ ᠴᠠᠭ ᠢ ᠰᠢᠨᠵᠢᠯᠡᠬᠦ ᠤᠬᠠᠭᠠᠨᠴᠢ ᠪᠠᠷ ᠠᠰᠢᠬᠯᠠᠨ᠎ᠠ︔ | ᠬᠢᠴᠢᠶᠡᠯ ᠤᠨ ᠲᠠᠷᠠᠭᠠᠬᠢ ᠦᠢᠯᠡᠴᠢᠯᠡᠭᠡᠨ ᠤ ᠴᠠᠭ ᠢ ᠪᠠᠳᠤᠯᠠᠨ᠎ᠠ︔ ᠬᠢᠴᠢᠶᠡᠯ ᠤᠨ ᠲᠠᠷᠠᠭᠠᠬᠢ ᠦᠢᠯᠡᠴᠢᠯᠡᠭᠡᠨ ᠤ ᠶᠠᠰᠤ | ᠴᠢᠨᠠᠷ ᠢ ᠲᠡᠭᠡᠭᠰᠢᠯᠡᠭᠦᠯᠦᠨ᠎ᠡ︔ ᠬᠢᠴᠢᠶᠡᠯ ᠤᠨ ᠲᠠᠷᠠᠭᠠᠬᠢ ᠦᠢᠯᠡᠴᠢᠯᠡᠭᠡᠨ ᠤ ᠵᠠᠮ ᠰᠤᠪᠠᠭ ᠢ | ᠨᠡᠪᠳᠡᠷᠡᠭᠦᠯᠦᠨ᠎ᠡ︔ ᠦᠨ᠎ᠡ ᠲᠦᠯᠦᠪᠦᠷᠢ ᠦᠭᠡᠢ ᠰᠦᠯᠵᠢᠶᠡᠨ ᠲᠡᠭᠡᠷᠡᠬᠢ ᠰᠤᠷᠤᠯᠴᠠᠯᠭ᠎ᠠ ᠶᠢᠨ ᠦᠢᠯᠡᠴᠢᠯᠡᠭᠡ ᠶᠢ | ᠴᠢᠩᠭᠠᠳᠬᠠᠨ ᠰᠢᠯᠢᠳᠡᠭᠵᠢᠭᠦᠯᠦᠨ᠎ᠠ︾ ᠭᠡᠵᠤ ᠲᠤᠷᠠᠳᠤᠬᠰᠠᠨ ᠪᠠᠶᠢᠨ᠎ᠠ᠃ | ᠡᠨᠡ ᠠᠷᠭ᠎ᠠ ᠬᠡᠮᠵᠢᠶ᠎ᠡ ᠪᠦᠬᠦᠨ ᠨᠢ ᠭᠡᠷ ᠤᠨ ᠠᠬᠠᠮᠠᠳ ᠤᠨ ᠬᠢᠴᠢᠶᠡᠯ ᠨᠦᠬᠦᠬᠦ ᠲᠤᠬᠠᠢ ᠰᠠᠨᠠᠭᠠᠰᠢᠷᠠᠯ ᠢ ᠪᠦᠷᠢᠨ | ᠠᠯᠳᠠᠷᠠᠭᠠᠵᠤ ᠴᠢᠳᠠᠬᠤ ᠪᠤᠯᠬᠤᠷ᠂ ᠲᠠᠬᠢᠨ ᠬᠡᠤᠬᠡᠳ ᠲᠡᠭᠡᠨ ᠬᠢᠴᠢᠶᠡᠯ ᠨᠦᠬᠦᠨ᠎ᠡ ᠭᠡᠵᠤ ᠰᠡᠳᠬᠢᠬᠦ ᠨᠢ ᠦᠨᠡᠬᠡᠷ | ᠢᠯᠡᠭᠦᠴᠡ ᠶᠠᠪᠤᠳᠠᠯ ᠪᠤᠯᠬᠤ ᠶᠤᠮ᠃ | ᠭᠡᠷ ᠤᠨ ᠠᠬᠠᠮᠠᠳ ᠲᠠᠢ ᠶᠠᠷᠢᠵᠤ ᠰᠠᠭᠤᠬᠤ ᠳᠤ᠂ ᠵᠠᠷᠢᠮ ᠨᠢ ᠬᠡᠨ ᠬᠡᠨ ᠤ ᠬᠡᠤᠬᠡᠳ ᠨᠢ ᠲᠤᠭ᠎ᠠ ᠳᠠᠭᠠᠨ ᠰᠠᠶᠢᠨ | ᠂ ᠮᠢᠨᠤ ᠬᠡᠤᠬᠡᠳ ᠲᠤᠭᠠᠨ ᠳᠤ ᠠᠨᠠᠢ ᠭᠡᠵᠤ ᠶᠠᠷᠢᠬᠤ ᠶᠤᠮ᠃ ᠠᠪ ᠠᠳᠠᠯᠢᠬᠠᠨ ᠲᠠᠷᠢᠬᠢ ᠲᠤᠯᠤᠭᠠᠢ ᠲᠠᠢ ᠪᠠᠶᠢᠭᠠᠳ | ᠶᠠᠭᠠᠬᠢᠭᠠᠳ ᠵᠦᠷᠢᠶ᠎ᠠ ᠭᠠᠷᠴᠤ ᠪᠠᠶᠢᠭ᠎ᠠ ᠪᠤᠯ ᠭᠡᠵᠤ ᠨᠢᠬᠳᠠᠯᠠᠪᠠᠯ᠂ ᠬᠠᠮᠤᠭ ᠤᠨ ᠴᠢᠬᠤᠯᠠ ᠦᠨᠳᠦᠰᠦ ᠨᠢ ᠲᠤᠷ᠎ᠠ | ᠰᠤᠨᠢᠷᠬᠠᠯ ᠳᠤ ᠪᠠᠶᠢᠭ᠎ᠠ ᠠᠵᠢ᠃ ᠠᠯᠳᠠᠷᠳᠤ ᠰᠤᠷᠭᠠᠨ ᠬᠦᠮᠦᠵᠢᠯᠳᠡᠨ ᠰᠾᠢᠪᠢᠨᠰᠠᠢ᠄ ︽ᠲᠤᠷ᠎ᠠ ᠰᠤᠨᠢᠷᠬᠠᠯ ᠪᠤᠯ | ᠰᠤᠷᠤᠯᠴᠠᠯᠭ᠎ᠠ ᠪᠠ ᠮᠡᠳᠡᠯᠭᠡ ᠶᠢᠨ ᠴᠠᠩᠭᠠᠭ᠎ᠠ ᠲᠠᠶᠢᠯᠬᠤ ᠬᠠᠮᠤᠭ ᠶᠡᠭᠡ ᠬᠦᠳᠡᠯᠭᠡᠬᠦ ᠬᠦᠴᠦᠨ ᠮᠦᠨ︾ ᠭᠡᠵᠤ ᠵᠢᠭᠠᠵᠤ | ᠭᠠᠷᠭᠠᠬᠰᠠᠨ ᠪᠠᠶᠢᠨ᠎ᠠ᠃ ᠦᠨᠡᠨ ᠳᠡᠭᠡᠨ ᠬᠡᠤᠬᠡᠳ ᠤᠳ ᠠᠯᠢ ᠬᠢᠴᠢᠶᠡᠯ ᠳᠤ ᠮᠠᠭᠤ ᠪᠠᠶᠢᠪᠠᠯ ᠲᠡᠷᠡ ᠬᠢᠴᠢᠶᠡᠯ ᠳᠡᠭᠡᠨ | ᠲᠤᠷ᠎ᠠ ᠰᠤᠨᠢᠷᠬᠠᠯ ᠦᠭᠡᠢ ᠭᠡᠰᠡᠨ ᠦᠭᠡ᠃ ᠴᠢᠩᠬᠢᠪᠡᠯ ᠲᠤᠷ᠎ᠠ ᠰᠤᠨᠢᠷᠬᠠᠯ ᠢ ᠨᠢ ᠶᠠᠭᠠᠬᠢᠵᠤ ᠬᠦᠮᠦᠵᠢᠭᠦᠯᠬᠦ ᠪᠤᠢ | ᠭᠡᠳᠡᠭ ᠨᠢ ᠭᠡᠷ ᠤᠨ ᠠᠬᠠᠮᠠᠳ ᠤᠨ ᠠᠷᠭ᠎ᠠ ᠪᠤᠳᠤᠬᠤ ᠶᠠᠪᠤᠳᠠᠯ ᠪᠤᠯᠤᠨ᠎ᠠ᠃ ᠮᠢᠨᠤ ᠨᠢᠭᠡ ᠨᠠᠶᠢᠵᠠ ᠶᠢᠨ ᠬᠦᠤ ᠨᠢ | ᠲᠠᠪᠤᠨ ᠤᠨ ᠤ ᠰᠤᠷᠤᠬᠴᠢ᠂ ᠲᠤᠭᠠᠨ ᠳᠠᠭᠠᠨ ᠲᠦᠢᠯ ᠤᠨ ᠤᠷᠮ᠎ᠠ ᠪᠠᠭ᠋ᠠᠳᠠᠢ ᠪᠦᠭᠡᠳ ᠠᠯᠳᠠᠷᠳᠤ ᠲᠤᠭᠠᠨ ᠤ | ᠤᠬᠠᠭᠠᠨᠳᠠᠨ ᠴᠧᠨ ᠵᠢᠩ ᠷᠦᠨ ᠢ ᠲᠦᠢᠯ ᠢᠶᠠᠷ ᠰᠢᠳᠦᠨ ᠪᠢᠰᠢᠷᠡᠳᠡᠭ ᠠᠵᠢ᠃ ᠨᠢᠭᠡ ᠤᠳᠠᠭ᠎ᠠ ᠪᠢ ᠲᠡᠭᠦᠨ ᠲᠠᠢ | ᠴᠧᠨ ᠵᠢᠩ ᠷᠦᠨ ᠤ ᠲᠤᠬᠠᠢ ᠶᠠᠷᠢᠵᠤ ᠰᠠᠭᠤᠬᠤ ᠳᠤ ︽ᠭᠤᠯᠳᠠᠪᠠᠾᠠ ᠶᠢᠨ ᠲᠠᠭᠠᠮᠠᠬᠯᠠᠯ︾ ᠴᠢᠨᠢ ︽1+2=3︾ | ᠪᠢᠰᠢᠤ ᠭᠡᠰᠡᠨ ᠴᠢᠨᠢ ᠲᠡᠷᠡ ︽ᠠᠪᠠᠭ᠎ᠠ ᠲᠠ ᠪᠤᠷᠤᠭᠤ ᠶᠠᠷᠢᠵᠤ ᠪᠠᠶᠢᠨ᠎ᠠ︾ ᠭᠡᠳ ᠨᠠᠳᠠ ᠳᠤ ᠲᠡᠭᠰᠢ ᠲᠤᠭ᠎ᠠ ᠶᠢ | ᠠᠩᠬᠠᠨ ᠤ ᠲᠤᠭ᠎ᠠ ᠪᠠᠷ ᠶᠠᠭᠠᠬᠢᠵᠤ ᠢᠯᠡᠳᠭᠡᠨ᠎ᠡ ᠭᠡᠵᠤ ᠤᠯᠠᠨ ᠤᠯᠠᠨ ᠶᠠᠭᠤᠮ᠎ᠠ ᠶᠠᠷᠢᠵᠤ ᠬᠢᠴᠢᠶᠡᠯ ᠤᠷᠤᠵᠤ | ᠦᠭᠭᠦᠯ᠎ᠠ᠃ ᠰᠡᠭᠦᠯᠡᠷ ᠨᠢ ᠪᠢ ᠰᠦᠯᠵᠢᠶ᠎ᠡ ᠳᠤ ᠭᠠᠷᠴᠤ ᠬᠠᠶᠢᠵᠤ ᠦᠵᠡᠭᠰᠡᠨ ᠴᠢᠨᠢ ᠲᠡᠭᠦᠨ ᠤ ᠶᠠᠷᠢᠬᠰᠠᠨ ᠨᠢ ᠪᠦᠷ | ᠵᠦᠪ ᠪᠠ᠊ ᠵᠢᠵᠤ᠂ ︽ᠭᠤᠯᠳᠠᠪᠠᠾᠠ ᠶᠢᠨ ᠲᠠᠭᠠᠮᠠᠬᠯᠠᠯ︾ ᠤᠨ ᠲᠤᠬᠠᠢ ᠬᠡᠳᠦᠨ ᠠᠷᠪᠠᠨ ᠵᠢᠯ ᠤᠨ ᠪᠤᠷᠤᠭᠤ | ᠤᠶᠢᠯᠠᠭᠠᠯᠳᠠ ᠮᠢᠨᠢ ᠲᠠᠬᠢᠨ ᠰᠢᠨᠡᠴᠢᠯᠡᠭᠳᠡᠵᠤ ᠪᠢᠯᠡ᠃ ᠡᠨᠡ ᠪᠤᠯ ᠲᠠᠷᠤᠢ ᠲᠤᠷ᠎ᠠ ᠰᠤᠨᠢᠷᠬᠠᠯ ᠮᠦᠨ ᠠᠵᠢ᠃ | ᠬᠡᠤᠬᠡᠳ ᠤᠨ ᠲᠤᠷ᠎ᠠ ᠰᠤᠨᠢᠷᠬᠠᠯ ᠢ ᠬᠦᠮᠦᠵᠢᠭᠦᠯᠬᠦ ᠪᠤᠯ ᠬᠢᠴᠢᠶᠡᠯ ᠰᠤᠷᠤᠯᠭ᠎ᠠ ᠶᠢ ᠨᠢ ᠲᠡᠭᠡᠭᠰᠢᠯᠡᠭᠦᠯᠬᠦ ᠶᠢᠨ | ᠴᠢᠬᠤᠯᠠ ᠠᠨᠢᠰᠤ ᠪᠤᠯᠬᠤ ᠨᠢ ᠭᠠᠷᠴᠠᠭ᠎ᠠ ᠦᠭᠡᠢ ᠶᠤᠮ᠃ ᠡᠨᠡ ᠠᠨᠢᠰᠤ ᠪᠠᠷ ᠭᠠᠷᠳᠠᠴᠠ ᠪᠤᠯᠭᠠᠬᠤ ᠨᠢ ᠬᠢᠴᠢᠶᠡᠯ | ᠨᠦᠬᠦᠬᠦ ᠠᠴᠠ ᠨᠡᠩ ᠴᠢᠬᠤᠯᠠ᠃ ᠦᠨᠡᠨ ᠳᠡᠭᠡᠨ ᠡᠨᠡ ᠨᠢ ᠰᠢᠮ᠎ᠡ ᠲᠡᠵᠢᠭᠡᠯ ᠨᠦᠬᠦᠪᠦᠷᠢᠯᠡᠬᠦ ᠲᠠᠢ ᠨᠢᠭᠡ ᠯᠡ ᠠᠳᠠᠯᠢ᠃ | ᠰᠦ ᠮᠢᠬ᠎ᠠ ᠵᠢᠮᠢᠰ ᠨᠤᠭᠤᠭ᠎ᠠ ᠢᠳᠡᠭᠡᠳ ᠰᠢᠮ᠎ᠡ ᠲᠡᠵᠢᠭᠡᠯ ᠨᠢ ᠬᠦᠷᠴᠤ ᠪᠠᠶᠢᠳᠠᠯ᠎ᠠ ᠲᠠᠬᠢᠨ ᠺᠠᠯᠼ᠂ ᠴᠠᠶᠢᠷ᠂ | ᠸᠢᠲ᠋ᠠᠮᠢᠨ ᠨᠦᠬᠦᠪᠦᠷᠢᠯᠡᠬᠦ ᠳᠤ ᠬᠦᠷᠪᠡᠯ ᠲᠡᠷᠡ ᠨᠢ ᠰᠢᠮ᠎ᠡ ᠲᠡᠵᠢᠭᠡᠯ ᠤᠨ ᠢᠯᠡᠭᠦᠳᠡᠯ ᠪᠢᠰᠢ ᠪᠤᠯ ᠭᠠᠷᠤᠵᠠᠳᠠᠯ | ᠪᠤᠯᠬᠤ ᠨᠢ ᠯᠠᠪᠳᠠᠢ ᠶᠤᠮ᠃ | ᠠᠷᠠᠳ ᠤᠨ ᠰᠦᠯᠵᠢᠶ᠎ᠡ ᠳᠣᠷᠣᠨ᠎ᠠ | | | |