ᠤᠶᠢᠷ᠎ᠡ ᠳᠤ᠂ ᠪᠡᠭᠡᠵᠢᠩ ᠤᠨ ᠣᠯᠠᠨ ᠤᠯᠤᠰ ᠤᠨ ᠡᠨᠧᠷᠬᠢ ᠶᠢᠨ ᠬᠤᠪᠢ ᠤᠷᠤᠭᠤᠯᠤᠭᠰᠠᠨ ᠬᠢᠵᠠᠭᠠᠷᠳᠤ | ᠺᠤᠮᠫᠠᠨᠢ ᠶᠢᠨ ᠪᠡᠯᠡ ᠤᠷᠤᠭᠤᠯᠬᠤ ᠪᠠᠶᠢᠭᠤᠯᠤᠭᠰᠠᠨ ᠬᠤᠷᠴᠢᠨ ᠵᠡᠭᠦᠨ ᠭᠠᠷᠤᠨ ᠬᠤᠶᠢᠳᠤ ᠬᠤᠰᠢᠭᠤᠨ ᠤ ᠪᠦᠬᠦ | ᠤᠷᠤᠨ ᠪᠦᠰᠡ ᠶᠢᠨ ᠴᠢᠨᠠᠷ ᠰᠠᠶᠢᠳᠡᠢ ᠨᠡᠬᠦᠷᠡᠰᠦᠳᠦ᠋ᠷᠦᠭᠴᠢ ᠦᠬᠡᠢ ᠴᠡᠪᠡᠷ ᠡᠨᠧᠷᠬᠢ ᠶᠢᠨ ᠲᠤᠨᠤᠭ ᠲᠦᠬᠦᠭᠡᠷᠦᠮᠵᠢ | ᠪᠤᠯᠬᠤ 100 ᠲᠦᠮᠡᠨ ᠺᠢᠯᠤᠸᠠᠲ ᠤᠨ ᠴᠦᠯᠯᠡᠷᠭᠡᠭᠵᠢᠯ ᠢ ᠵᠠᠰᠠᠵᠤ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ | ᠢᠨᠵᠧᠨᠧᠷᠢᠩ ᠤᠨ ᠲᠦᠷᠦᠯ ᠵᠦᠢᠯ ᠠᠮᠵᠢᠯᠳᠠ ᠲᠠᠢ ᠲᠤᠤᠷ ᠨᠡᠶᠢᠯᠡᠵᠦ ᠴᠠᠬᠢᠯᠭᠠᠨ ᠭᠠᠷᠭᠠᠪᠠ᠂ ᠡᠨᠡ ᠨᠢ ᠣᠷᠣᠨ | ᠪᠦᠰᠡ ᠶᠢᠨ ᠴᠢᠨᠠᠷ ᠰᠠᠶᠢᠲᠠᠢ ᠬᠥᠭᠵᠢᠯᠲᠡ ᠳᠤ ᠪᠣᠬᠢᠷᠳᠤᠯ ᠦᠭᠡᠢ ᠬᠥᠳᠡᠯᠭᠡᠭᠦ ᠬᠦᠴᠦᠨ ᠨᠡᠮᠡᠷᠢᠯᠡᠭᠰᠡᠨ ᠪᠠᠶᠢᠨ᠎ᠠ᠃ | | ᠰᠠᠯᠬᠢᠨ ᠬᠦᠴᠦᠨ ᠤ ᠴᠠᠬᠢᠯᠭᠠᠨ ᠤ ᠲᠠᠯᠠᠪᠤᠷ ᠤᠨ ᠲᠥᠪᠯᠡᠷᠡᠭᠦᠯᠦᠨ ᠡᠵᠡᠮᠳᠡᠬᠦ ᠲᠠᠰᠤᠭ ᠲᠤ᠂ ᠠᠵᠢᠯᠲᠠᠳ ᠡᠯ᠎ᠡ | ᠵᠦᠢᠯ ᠤᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠪᠠᠶᠢᠴᠠᠭᠠᠨ ᠦᠵᠡᠬᠦ ᠶᠢᠨ ᠬᠠᠮᠲᠤ ᠲᠡᠮᠳᠡᠭᠯᠡᠯ ᠬᠢᠵᠦ᠂ | ᠲᠥᠬᠦᠭᠡᠷᠦᠮᠵᠢ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠦᠨᠡᠨ ᠬᠦ ᠪᠠᠲᠤᠯᠠᠵᠤ ᠪᠠᠶᠢᠨ᠎ᠠ᠃ | | ᠠᠵᠢᠯᠲᠠᠨ ᠤ ᠲᠠᠨᠢᠯᠴᠠᠭᠤᠯᠣᠬᠰᠠᠨ ᠢᠶᠠᠷ᠂ ᠦᠨᠦ ᠪᠦᠭᠦ ᠳᠤᠭ᠎ᠠ ᠪᠠᠷ ᠲᠤᠤᠷ ᠨᠠᠶᠢᠯᠠᠭᠤᠯᠬᠤ ᠪᠢᠰᠢ᠂ ᠪᠦᠭᠦ | ᠳᠤᠭ᠎ᠠ ᠪᠠᠷ ᠲᠤᠤᠷ ᠨᠡᠶᠢᠯᠡᠬᠦᠯᠪᠡᠯ ᠡᠳᠦᠷ ᠪᠦᠷᠢ 500 ᠰᠠᠶ᠎ᠠ ᠸᠠᠲ ᠴᠠᠭ ᠬᠦᠷᠬᠦ ᠪᠤᠯᠤᠨ᠎ᠠ᠂ ᠣᠲᠣᠬᠠᠨ ᠳᠤ | ᠵᠦᠪᠬᠡᠨ ᠨᠢᠭᠡ ᠯᠡ ᠬᠡᠰᠡᠭ ᠢ ᠲᠤᠤᠷ ᠨᠡᠶᠢᠯᠡᠬᠦᠪᠡ᠂ ᠦᠴᠤᠭᠡᠲᠤᠷ ᠤᠨ ᠴᠠᠭᠢᠯᠭᠠᠨ ᠭᠠᠷᠭᠠᠭᠰᠠᠨ ᠬᠡᠮᠵᠢᠶ᠎ᠡ ᠪᠠᠷ | ᠪᠤᠳᠤᠪᠠᠯ 60 ᠰᠠᠶ᠎ᠠ ᠸᠠᠲ ᠴᠠᠭ ᠬᠦᠷᠴᠦ᠂ ᠲᠦᠮᠡ ᠭᠠᠷᠤᠢ ᠡᠷᠦᠬᠡ ᠶᠢᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ | ᠬᠠᠩᠭᠠᠬᠤ ᠪᠤᠯᠤᠨ᠎ᠠ᠃ ᠵᠢᠱᠢᠯᠲᠠ ᠪᠠᠷ ᠰᠠᠷ᠎ᠠ ᠶᠢᠨ ᠡᠴᠣᠰ ᠠᠴᠠ ᠡᠮᠣᠨ᠎ᠠ ᠪᠦᠭᠦᠠ ᠢ ᠲᠤᠤᠷ ᠨᠡᠶᠢᠯᠡᠬᠦᠯᠵᠦ᠂ ᠨᠠᠩ | ᠣᠯᠠᠨ ᠬᠡᠷᠡᠭᠯᠡᠭᠴᠢᠳ ᠤᠨ ᠴᠠᠬᠢᠯᠭᠠᠨ ᠬᠡᠷᠡᠭᠯᠡᠬᠦ ᠱᠠᠭᠠᠷᠳᠠᠯᠭ᠎ᠠ ᠶᠢ ᠬᠠᠩᠭᠠᠬᠤ ᠪᠠᠷ ᠪᠠᠶᠢᠨ᠎ᠠ᠃ | | ᠣᠶᠢᠯᠠᠭᠠᠭᠰᠠᠨ ᠢᠶᠠᠷ᠂ ᠪᠡᠭᠡᠵᠢᠩ ᠤᠨ ᠣᠯᠠᠨ ᠤᠯᠤᠰ ᠤᠨ ᠡᠨᠧᠷᠬᠢ ᠶᠢᠨ ᠬᠤᠪᠢ ᠤᠷᠤᠭᠤᠯᠤᠭᠰᠠᠨ ᠬᠢᠵᠠᠭᠠᠷᠳᠤ | ᠺᠤᠮᠫᠠᠨᠢ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠪᠥᠬᠦ ᠣᠷᠣᠨ ᠪᠦᠰᠡ ᠶᠢᠨ ᠴᠢᠨᠠᠷ ᠰᠠᠶᠢᠲᠠᠢ | ᠨᠡᠭᠦᠷᠡᠰᠦᠲᠥ᠋ᠷᠥᠭᠴᠢ ᠦᠭᠡᠢ ᠴᠡᠪᠡᠷ ᠡᠨᠧᠷᠭᠢ ᠶᠢᠨ ᠲᠣᠨᠤᠭ ᠲᠥᠬᠦᠭᠡᠷᠦᠮᠵᠢ ᠶᠢᠨ 100 ᠲᠦᠮᠡᠨ ᠺᠢᠯᠣᠸᠠᠲ ᠤᠨ | ᠴᠦᠯᠯᠡᠷᠭᠡᠭᠵᠢᠯ ᠢ ᠵᠠᠰᠠᠬᠤ ᠰᠠᠯᠬᠢᠨ ᠬᠦᠴᠦᠨ ᠤ ᠴᠠᠬᠢᠯᠭᠠᠨ ᠤ ᠢᠨᠵᠧᠨᠧᠷᠢᠩ ᠤᠨ ᠲᠥᠷᠥᠯ ᠵᠦᠢᠯ ᠬᠤᠷᠴᠢᠨ ᠵᠡᠭᠦᠨ | ᠭᠠᠷᠤᠨ ᠬᠤᠶᠢᠲᠤ ᠬᠤᠰᠢᠭᠤᠨ ᠤ ᠠᠳᠤᠭᠤᠴᠢᠨ ᠰᠤᠮᠤ ᠶᠢᠨ ᠬᠢᠯᠢ ᠳᠤ ᠪᠠᠶᠢᠷᠢᠯᠠᠵᠤ᠂ ᠲᠣᠰ ᠲᠥᠷᠥᠯ ᠵᠦᠢᠯ ᠤᠨ | ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 1000 ᠰᠠᠶ᠎ᠠ ᠺᠢᠯᠣᠸᠠᠲ ᠪᠠᠶᠢᠵᠤ᠂ ᠪᠠᠭᠲᠠᠭᠠᠮᠵᠢ ᠨᠢ 6. | 25 ᠰᠠᠶ᠎ᠠ ᠸᠠᠲ ᠪᠦᠬᠦᠢ 160 ᠰᠠᠤᠷᠢ ᠤᠭᠰᠠᠷᠠᠬᠤ ᠪᠣᠯᠤᠨ᠎ᠠ᠃ 220 ᠺᠢᠯᠤᠸᠤᠯᠲ ᠤᠨ ᠬᠦᠴᠦᠳᠡᠯ | ᠳᠡᠭᠡᠭᠰᠢᠯᠡᠭᠦᠯᠬᠦ ᠥᠷᠲᠡᠭᠡ ᠶᠢ 2 ᠰᠠᠤᠷᠢ ᠰᠢᠨ᠎ᠡ ᠪᠠᠷ ᠪᠠᠶᠢᠭᠤᠯᠵᠤ᠂ ᠳᠠᠩ ᠪᠤᠴᠠᠯᠳᠠ ᠶᠢᠨ 220 ᠺᠢᠯᠤᠸᠤᠯᠲ ᠤᠨ | ᠱᠤᠭᠤᠮ ᠢᠶᠠᠷ ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠤᠨ 138 ᠲᠦᠮᠡᠨ ᠺᠢᠯᠤᠸᠤᠯᠲ ᠤᠨ ᠠᠮᠢ | ᠠᠬᠤᠶ ᠶᠢᠨ ᠵᠠᠰᠠᠯᠲᠠ ᠶᠢᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠤᠨ ᠲᠥᠷᠥᠯ ᠵᠦᠢᠯ ᠢ 500 | ᠺᠢᠯᠤᠸᠤᠯᠲ ᠤᠨ ᠴᠤᠭᠯᠠᠷᠠᠯ ᠤᠨ ᠥᠷᠲᠡᠭᠡ ᠳᠤ ᠵᠠᠯᠭᠠᠨ ᠣᠷᠣᠭᠤᠯᠤᠨ᠎ᠠ᠃ ᠲᠥᠷᠥᠯ ᠵᠦᠢᠯ ᠠᠰᠢᠭᠯᠠᠯᠲᠠ ᠳᠤ | ᠤᠷᠤᠭᠰᠠᠨ ᠤ ᠳᠠᠷᠠᠭ᠎ᠠ᠂ ᠰᠠᠶᠢᠨ ᠰᠠᠶᠢᠬᠠᠨ ᠠᠵᠤ ᠠᠬᠤᠶ ᠶᠢᠨ ᠦᠷ᠎ᠡ ᠠᠰᠢᠭ᠂ ᠣᠷᠴᠢᠨ ᠠᠬᠤᠶ ᠶᠢᠨ ᠦᠷ᠎ᠡ | ᠠᠰᠢᠭ ᠪᠠ ᠨᠡᠶᠢᠭᠡᠮ ᠤᠨ ᠦᠷ᠎ᠡ ᠠᠰᠢᠭ ᠲᠠᠢ ᠪᠠᠶᠢᠵᠤ᠂ ᠲᠤᠬᠠᠶ ᠶᠢᠨ ᠭᠠᠵᠠᠷ ᠤᠨ ᠴᠠᠬᠢᠯᠭᠠᠨ ᠲᠣᠤᠷ ᠤᠨ ᠴᠠᠬᠢᠯᠭᠠᠨ | ᠡᠭᠦᠰᠭᠡᠭᠴᠢ ᠶᠢᠨ ᠪᠦᠲᠦᠴᠡ ᠶᠢ ᠪᠦᠲᠦᠮᠵᠢᠲᠡᠶ ᠰᠠᠶᠢᠵᠢᠷᠠᠭᠤᠯᠵᠤ᠂ ᠣᠷᠣᠨ ᠨᠤᠲᠤᠭ ᠤᠨ ᠠᠮᠢ ᠠᠬᠤᠶ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠪᠠ ᠪᠣᠬᠢᠷᠲᠤᠯ ᠥᠬᠡᠶ ᠬᠥᠭᠵᠢᠯᠲᠡ ᠳᠤ ᠬᠦᠴᠦᠨ ᠨᠡᠮᠡᠷᠢᠯᠡᠬᠦ ᠪᠤᠯᠤᠨ᠎ᠠ᠃ | |