ᠭᠦᠸᠧ ᠲᠢᠶᠠᠨ ᠪᠦᠦ ᠬᠡᠰᠡᠭ ᠰᠤᠷᠭᠠᠭᠤᠯᠢ ᠳᠤ ᠭᠦᠨᠵᠡᠭᠡᠶᠢᠷᠡᠨ ᠢᠳᠡᠭᠡᠨ ᠤ ᠠᠮᠤᠷ ᠲᠦᠪᠰᠢᠨ ᠤ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2024/7/5
    7 ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠭᠠᠨᠵᠤᠭ᠎ᠠ ᠬᠤᠶᠠᠳᠤᠭᠠᠷ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ᠂ ᠬᠤᠰᠢᠭᠤᠨ ᠤ ᠦᠨᠳᠦᠰᠦᠲᠡᠨ ᠤ ᠬᠡᠤᠬᠡᠳ ᠤᠨ ᠴᠡᠴᠡᠷᠯᠢᠭ ᠲᠤ ᠭᠦᠨᠵᠡᠭᠡᠶᠢᠷᠡᠨ᠂ ᠢᠳᠡᠭᠡᠨ ᠤ ᠠᠮᠤᠷ ᠲᠦᠪᠰᠢᠨ ᠤ ᠠᠵᠢᠯ ᠢ ᠪᠠᠶᠢᠴᠠᠭᠠᠵᠤ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠴᠢ ᠬᠠᠮᠢᠶ᠎ᠠ ᠪᠥᠬᠦᠶ ᠰᠤᠷᠭᠠᠭᠤᠯᠢ ᠶᠢᠨ ᠬᠠᠷᠢᠭᠤᠴᠠᠯᠭᠠᠲᠠᠨ ᠣᠷᠣᠯᠴᠠᠵᠠᠶ
  郭天宝深入部分学校检查食品安全工作.jpg    
     ᠭᠦᠸᠧ ᠲᠢᠶᠠᠨ ᠪᠦᠦ ᠨᠠᠷ ᠬᠤᠭᠤᠯᠠᠨ ᠬᠡᠷ ᠤᠨ ᠠᠵᠢᠯᠯᠠᠬᠤ ᠲᠠᠰᠤᠭ᠂ ᠬᠠᠳᠠᠭᠠᠯᠠᠬᠤ ᠲᠠᠰᠤᠭ᠂ ᠬᠤᠭᠤᠯᠠᠨ ᠲᠢᠩᠬᠢᠮ ᠵᠡᠷᠭᠡ ᠴᠢᠬᠤᠯᠠ ᠣᠷᠣᠨ ᠪᠦᠰᠡ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠤᠭᠤᠯᠠ ᠳᠣᠭᠢᠷᠠᠭᠤᠯᠬᠤ ᠶᠠᠪᠤᠴᠠ᠂ ᠢᠳᠡᠭᠡᠨ ᠤ ᠮᠠᠲ᠋ᠧᠷᠢᠶᠠᠯ ᠢ ᠬᠠᠮᠢᠶᠠᠷᠤᠨ ᠡᠵᠡᠮᠳᠡᠬᠦ᠂ ᠣᠷᠴᠢᠨ ᠲᠣᠭᠤᠷᠢᠨ ᠤ ᠠᠷᠢᠭᠤᠨ ᠴᠡᠪᠡᠷ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠲᠤᠬᠠᠶ ᠵᠢᠯᠣᠭᠤᠳᠬᠤ ᠰᠠᠨᠠᠯ ᠳᠤᠷᠠᠳᠪᠠ᠃     ᠭᠦᠸᠧ ᠲᠢᠶᠠᠨ ᠪᠦᠦ ᠴᠢᠬᠤᠯᠠᠴᠢᠯᠠᠭᠰᠠᠨ ᠨᠢ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠨᠢ ᠪᠠᠭᠰᠢ ᠰᠣᠷᠣᠭᠴᠢ ᠨᠢᠭᠡᠪᠦᠷᠢ ᠶᠢᠨ ᠡᠷᠡᠭᠦᠯ ᠮᠡᠨᠳᠦ ᠪᠠ ᠠᠮᠤᠷ ᠲᠦᠪᠰᠢᠨ ᠲᠠᠢ ᠬᠤᠯᠪᠣᠭᠳᠠᠵᠤ ᠪᠠᠶᠢᠳᠠᠭ᠂ ᠪᠥᠬᠦ ᠬᠤᠰᠢᠭᠤᠨ ᠤ ᠡᠯ᠎ᠡ ᠲᠥᠷᠥᠯ ᠤᠨ ᠰᠤᠷᠭᠠᠭᠤᠯᠢ ︵ᠬᠡᠤᠬᠡᠳ ᠤᠨ ᠴᠡᠴᠡᠷᠯᠢᠭ︶ ᠬᠤᠷᠢᠭ᠎ᠠ ᠱᠤᠭᠤᠮ ᠤᠨ ᠰᠡᠳᠬᠢᠬᠦᠶ ᠶᠢ ᠪᠠᠲᠤ ᠪᠣᠶ ᠪᠣᠯᠭᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ︽ᠴᠠᠭ ᠢᠮᠠᠭᠲᠠ ᠰᠠᠨᠠᠭ᠎ᠠ ᠠᠮᠤᠷ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠵᠢᠯ ᠢ ᠨᠠᠷᠢᠨ ᠪᠣᠳᠠᠲᠠᠶ ᠠᠳᠬᠤᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠵᠤ᠂ ᠢᠳᠡᠭᠡᠨ ᠤ ᠠᠮᠤᠷ ᠲᠦᠪᠰᠢᠨ ᠤ ︽ᠠᠮᠢᠨ ᠰᠤᠳᠠᠰᠤ︾ ᠶᠢ ᠰᠠᠶᠢᠲᠤᠷ ᠰᠠᠬᠢᠬᠤ ᠬᠡᠷᠡᠭᠲᠡᠶ ᠭᠡᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号