ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠢᠨᠲ᠋ᠧᠷ ᠰᠦᠯᠵᠢᠶᠡᠨ ᠤ ᠮᠡᠷᠭᠡᠵᠢᠯ ᠪᠠ ᠲᠣᠮᠣ ᠳ᠋ᠠᠶᠢᠲ᠋ᠠ ᠪᠠᠷ | ᠲᠤᠯᠭᠠᠭᠤᠷᠢᠯᠠᠯ ᠪᠣᠯᠭᠠᠵᠤ᠂ ᠲᠣᠭᠠᠴᠢᠯᠠᠭᠰᠠᠨ ᠬᠠᠤᠯᠢ ᠴᠠᠭᠠᠵᠠ ᠶᠢᠨ ᠬᠡᠷᠡᠭᠯᠡᠯᠲᠡ ᠶᠢ ᠪᠠᠳᠠᠷᠠᠭᠤᠯᠤᠨ᠂ ᠶᠡᠭᠡᠳᠡᠯ᠎ᠡ | ᠠᠷᠠᠳ ᠤᠨ ᠰᠢᠭᠦᠬᠦ ᠲᠢᠩᠬᠢᠮ ᠳᠤ ᠠᠩᠬ᠎ᠠ ᠤᠳᠠᠭ᠎ᠠ ︽ᠪᠢᠴᠢᠭᠡᠴᠢ ᠭᠡᠷᠡᠭᠰᠡᠬᠦ ᠦᠬᠡᠢ ᠲᠢᠩᠬᠢᠮ ᠤᠨ ᠰᠢᠬᠦᠯᠳᠡ ︾ | ᠤᠨ ᠰᠢᠨ᠎ᠡ ᠵᠠᠭᠪᠤᠷ ᠢ ᠲᠤᠷᠰᠢᠨ ᠬᠡᠷᠡᠭᠯᠡᠵᠦ᠂ ᠤᠤᠯ ᠤᠨ ᠪᠢᠴᠢᠭᠡᠴᠢ ᠲᠢᠩᠬᠢᠮ ᠨᠡᠭᠡᠭᠡᠭᠰᠡᠨ ᠲᠡᠮᠳᠡᠭᠯᠡᠯ ᠢ ᠬᠦᠮᠦᠨ ᠤ | ᠬᠦᠴᠦ ᠪᠠᠷ ᠲᠡᠮᠳᠡᠭᠯᠡᠵᠥ ᠪᠠᠶᠢᠭᠰᠠᠨ ᠢ ᠰᠢᠨ᠎ᠡ ᠬᠡᠯᠪᠡᠷᠢ ᠶᠢᠨ ᠰᠢᠭᠦᠬᠦ ᠲᠢᠩᠬᠢᠮ ᠤᠨ ᠪᠥᠬᠦ ᠶᠠᠪᠤᠴᠠ ᠶᠢᠨ ᠳᠠᠭᠤ | ᠳᠦᠷᠰᠦ ᠰᠢᠩᠭᠡᠭᠡᠯᠲᠡ ᠪᠣᠯᠭᠠᠨ ᠥᠭᠡᠷᠡᠴᠢᠯᠡᠵᠦ᠂ ᠲᠢᠩᠬᠢᠮ ᠤᠨ ᠰᠢᠭᠦᠯᠲᠡ ᠶᠢᠨ ᠳᠠᠭᠤ ᠳᠦᠷᠰᠦ ᠰᠢᠩᠭᠡᠭᠡᠯᠲᠡ ᠪᠠᠷ | ᠤᠯᠠᠮᠵᠢᠯᠠᠯᠲᠤ ᠴᠠᠭᠠᠰᠤᠨ ᠲᠡᠮᠳᠡᠭᠯᠡᠯ ᠢ ᠣᠷᠣᠯᠠᠭᠤᠯᠤᠨ᠂ ᠠᠵᠢᠯ ᠤᠨ ᠦᠷ᠎ᠡ ᠪᠦᠲᠦᠮᠵᠢ ᠪᠠ ᠶᠠᠰᠤ ᠴᠢᠨᠠᠷ ᠢ | ᠶᠡᠭᠡ ᠪᠠᠷ ᠳᠡᠭᠡᠭᠰᠢᠯᠡᠭᠦᠯᠵᠦ᠂ ᠣᠶᠤᠨᠴᠢ ᠰᠢᠭᠦᠬᠦ ᠬᠤᠷᠢᠶᠠᠨ ᠤ ᠪᠠᠶᠢᠭᠤᠯᠤᠯᠲᠠ ᠶᠢ ᠠᠬᠢᠭᠤᠯᠪᠠ᠃ | |