ᠬᠤᠰᠢᠭᠤᠨ ᠤ ᠪᠠᠶᠢᠴᠠᠭᠠᠬᠤ ᠬᠤᠷᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ | ᠡᠮᠡᠭᠲᠡᠶᠢᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠲᠠᠢ ᠬᠤᠯᠪᠣᠭᠠᠯᠠᠨ᠂ ᠠᠪᠤᠷᠠᠨ ᠲᠤᠰᠠᠯᠠᠬᠤ ᠡᠲᠡᠭᠡᠳ ᠢ | ᠨᠠᠷᠢᠨ ᠨᠢᠮᠪᠠᠶ ᠵᠢᠭᠰᠠᠭᠠᠨ ᠪᠠᠶᠢᠴᠠᠭᠠᠵᠤ᠂ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠬᠡᠷᠡᠭ ᠤᠨ ᠰᠦᠪᠡᠭᠴᠢ ᠶᠢ | ᠭᠦᠨᠵᠡᠭᠡᠶ ᠠᠭᠤᠳᠠᠯᠤᠨ᠂ ᠬᠥᠳᠡᠯᠵᠦ ᠪᠠᠷᠢᠬᠤ ᠳᠤ ᠳᠥᠭᠦᠮ ᠦᠭᠡᠢ ᠵᠡᠮᠳᠡᠭ ᠣᠯᠠᠨ ᠲᠦᠮᠡᠨ ᠳᠤ ᠬᠡᠷ ᠲᠤᠨᠢ ᠬᠦᠷᠴᠦ | ᠦᠶ᠋ᠯᠡᠴᠢᠯᠡᠵᠦ᠂ ᠠᠳᠠᠯᠢ ᠪᠤᠰᠤ ᠪᠠᠶᠢᠳᠠᠯ ᠤᠨ ᠠᠪᠤᠷᠠᠨ ᠲᠤᠰᠠᠯᠠᠬᠤ ᠡᠲᠡᠭᠡᠳ ᠲᠤ ᠴᠢᠭᠯᠡᠭᠦᠯᠦᠨ ᠰᠡᠳᠬᠢᠴᠡ ᠶᠢᠨ | ᠬᠠᠪᠰᠤᠷᠤᠨ ᠵᠢᠯᠣᠭᠤᠳᠣᠯᠭ᠎ᠠ᠂ ᠨᠡᠶᠢᠭᠡᠮ ᠤᠨ ᠠᠪᠤᠷᠠᠨ ᠲᠤᠰᠠᠯᠠᠯᠲᠠ ᠶᠢ ᠵᠣᠬᠢᠴᠠᠭᠤᠯᠬᠤ᠂ ᠵᠠᠷᠤᠳᠠᠯ ᠢ ᠬᠠᠪᠰᠤᠷᠤᠨ | ᠬᠠᠰᠤᠵᠤ ᠬᠡᠯᠲᠦᠷᠢᠭᠦᠯᠬᠦ ᠵᠡᠷᠭᠡ ᠣᠯᠠᠨ ᠲᠠᠯ᠎ᠠ ᠶᠢᠨ ᠶᠡᠷᠦᠩᠬᠡᠶᠢᠯᠡᠭᠰᠡᠨ ᠠᠪᠤᠷᠠᠨ ᠲᠤᠰᠠᠯᠠᠯᠲᠠ ᠶᠢ ᠵᠣᠬᠢᠴᠠᠭᠤᠯᠵᠤ᠂ | ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠬᠦᠴᠢᠷ ᠵᠣᠪᠠᠭᠤᠷᠢ ᠶᠢ ᠰᠢᠢᠳᠪᠦᠷᠢᠯᠡᠨ᠂ ᠠᠷᠠᠳ ᠣᠯᠠᠨ ᠳᠤ ᠬᠠᠤᠯᠢ | ᠴᠠᠭᠠᠵᠠ ᠶᠢᠨ ᠬᠠᠶᠢᠷ᠎ᠠ ᠬᠠᠯᠠᠮᠵᠢ ᠪᠠ ᠬᠥᠮᠦᠯᠢᠭ ᠬᠠᠯᠠᠮᠵᠢᠯᠠᠯ ᠢ ᠦᠨᠡᠨ ᠬᠦ ᠮᠡᠳᠡᠷᠡᠬᠦᠯᠪᠡ ᠃ 2020 ᠣᠨ ᠠᠴᠠ | ᠨᠠᠰᠢ᠂ ᠨᠥᠬᠦᠴᠡᠯ ᠳᠤ ᠨᠡᠶᠢᠴᠡᠬᠦ 15 ᠵᠡᠮᠳᠡᠭᠴᠦᠳ ᠲᠤ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠬᠢᠵᠦ᠂ | ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠮᠥᠩᠭᠦ 30 ᠲᠦᠮᠡᠨ ᠲᠥᠭᠦᠷᠢᠭ ᠣᠯᠭᠤᠪᠠ᠃ | |