ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ | ᠳᠠᠭᠠᠭᠤᠯᠬᠤ ᠶᠢ ᠠᠬᠢᠭᠤᠯᠪᠠ᠃ 123 ᠲᠣᠰᠬᠤᠨ ᠳᠤ ᠰᠠᠭᠤᠬᠤ ᠠᠵᠢᠯᠯᠠᠬᠤ ᠠᠩᠭᠢ᠂ 237 ᠲᠣᠰᠬᠤᠨ ᠳᠤ | ᠰᠠᠭᠤᠬᠤ ᠺᠠᠳ᠋ᠷ ᠢ ᠰᠣᠩᠭᠤᠨ ᠲᠣᠮᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ | ᠴᠢᠳᠠᠯ ᠣᠯᠭᠤᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯ ᠰᠡᠳᠦᠪᠲᠦ ᠪᠣᠯᠪᠠᠰᠤᠷᠠᠯ ᠢ 34 | ᠤᠳᠠᠭ᠎ᠠ ᠡᠷᠬᠢᠯᠡᠵᠦ᠂ 2326 ᠬᠥᠮᠦᠨ ᠤᠳᠠᠭ᠎ᠠ ᠪᠣᠯᠪᠠᠰᠤᠷᠠᠭᠤᠯᠪᠠ᠃ ᠱᠠᠭᠠᠷᠳᠠᠯᠭ᠎ᠠ ᠶᠣᠰᠣᠭᠠᠷ 329 ᠭᠠᠴᠠᠭ᠎ᠠ | ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠪᠡᠯᠡᠳᠬᠡᠯ ᠬᠦᠴᠦᠨ ᠢ ᠨᠦᠭᠡᠴᠡᠯᠡᠪᠡ᠃ | ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠭᠦᠨᠵᠡᠭᠡᠶᠢᠷᠡᠭᠦᠯᠪᠡ᠃ ᠮᠥᠷᠳᠡᠨ | ᠠᠬᠢᠭᠤᠯᠬᠤ ᠲᠣᠭᠲᠠᠴᠠ ᠪᠠᠶᠢᠭᠤᠯᠵᠤ᠂ ᠪᠥᠬᠦ ᠶᠠᠪᠤᠴᠠ ᠶᠢᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ | ᠪᠡᠶᠡᠯᠡᠭᠦᠯᠦᠨ᠂ ᠭᠤᠤᠯᠳᠠᠯᠭ᠎ᠠ ᠲᠠᠢ ᠡᠭᠦᠷᠭᠡ ᠪᠠ ᠦᠨᠳᠦᠰᠦᠨ ᠱᠠᠲᠤᠨ ᠤ ᠳᠠᠷᠤᠭᠠᠰᠤ ᠶᠢᠨ ᠠᠰᠠᠭᠤᠳᠠᠯ ᠤᠨ ᠲᠠᠰ | ᠳᠠᠪᠬᠤᠷᠭ᠎ᠠ ᠲᠣᠳᠣᠷᠬᠠᠶ᠂ ᠬᠥᠳᠡᠯᠦᠩᠭᠦᠶ ᠡᠵᠡᠮᠳᠡᠵᠦ ᠪᠣᠯᠬᠤ ᠶᠢ ᠦᠨᠡᠨᠬᠦ ᠪᠠᠳᠤᠯᠠᠪᠠ᠃ ᠣᠳᠣᠬᠠᠨ ᠳᠤ᠂ ᠴᠡᠭ ᠲᠤ | ᠰᠠᠭᠤᠵᠤ ᠪᠠᠶᠢᠴᠠᠭᠠᠨ ᠰᠤᠳᠤᠯᠤᠯᠲᠠ ᠬᠢᠬᠦ ᠶᠢ 2 ᠡᠭᠡᠯᠵᠢ ᠤᠳᠠᠭ᠎ᠠ ᠲᠥᠪᠯᠡᠷᠡᠭᠦᠯᠦᠨ ᠥᠷᠨᠢᠭᠦᠯᠵᠦ᠂ ᠠᠵᠢᠭᠯᠠᠬᠤ | ᠴᠡᠭ 5 ᠪᠠᠶᠢᠭᠤᠯᠵᠤ᠂ ᠨᠡᠶᠢᠲᠡ 31 ᠠᠰᠠᠭᠤᠳᠠᠯ ᠢ ᠰᠤᠳᠤᠯᠤᠨ ᠮᠠᠭᠠᠳᠯᠠᠵᠤ ᠰᠢᠢᠳᠪᠦᠷᠢᠯᠡᠪᠡ᠃ | ᠡᠯ᠎ᠡ ᠬᠦᠷᠢᠶ᠎ᠡ ᠴᠠᠷᠠᠭᠠᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠦᠷ᠎ᠡ | ᠪᠦᠲᠦᠮᠵᠢ ᠶᠢ ᠲᠡᠭᠡᠭᠰᠢᠯᠡᠭᠦᠯᠪᠡ᠃ ᠪᠠᠶᠢᠭᠤᠯᠭ᠎ᠠ ᠨᠢᠭᠡᠴᠡ ᠳᠤ᠂ ᠠᠵᠢᠯ ᠤᠨ ᠵᠢᠷᠤᠮᠵᠢᠯ ᠢ ᠭᠤᠤᠯᠳᠠᠯᠭ᠎ᠠ ᠲᠠᠢ | ᠠᠳᠬᠤᠵᠤ᠂ ︽ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢ ᠴᠠᠭ ᠲᠤᠬᠠᠶ ᠳᠤᠨᠢ ᠬᠠᠮᠲᠤ ᠪᠠᠷ ᠡᠳ᠋ᠯᠡᠬᠦ ᠲᠠᠪᠴᠠᠩ︾ | ᠤᠨ ᠲᠤᠷᠰᠢᠯᠲᠠ ᠶᠢᠨ ᠴᠢᠭ᠋ ᠢ ᠳᠡᠯᠭᠡᠷᠡᠭᠦᠯᠦᠨ᠂ ᠰᠠᠷ᠎ᠠ ᠪᠠᠷ ︽ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠨᠠᠷᠢᠨ | ᠲᠠᠩᠰᠠ︾ ᠶᠢ ᠲᠣᠭᠲᠠᠭᠠᠨ ᠲᠠᠷᠬᠠᠭᠠᠪᠠ᠃ ᠮᠠᠯᠵᠢᠬᠤ ᠲᠠᠷᠢᠶᠠᠯᠠᠬᠤ ᠣᠷᠣᠨ ᠳᠤ᠂ ᠭᠠᠴᠠᠭ᠎ᠠ ᠲᠣᠰᠬᠤᠨ ᠤ ᠺᠠᠳ᠋ᠷ ᠤᠨ | ᠬᠡᠪ ᠴᠢᠨᠠᠷ ᠢ ᠳᠡᠭᠡᠭᠰᠢᠯᠡᠭᠦᠯᠬᠦ ᠶᠢ ᠭᠤᠤᠯᠳᠠᠯᠭ᠎ᠠ ᠲᠠᠢ ᠠᠳᠬᠤᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠠᠵᠤ ᠦᠢᠯᠡᠰ ᠢ ᠬᠥᠭᠵᠢᠭᠦᠯᠬᠦ᠂ ᠦᠨᠳᠦᠰᠦᠨ ᠱᠠᠲᠤᠨ ᠤ ᠵᠠᠰᠠᠯᠲᠠ ᠶᠢᠨ ᠲᠣᠭᠤᠷᠢᠨ ᠳᠤ | ᠦᠢᠯᠡᠳᠦᠯᠭᠡ ᠶᠢᠨ ᠳᠠᠳᠤᠯᠭ᠎ᠠ ᠪᠣᠯᠪᠠᠰᠤᠷᠠᠯ ᠦᠷᠨᠢᠭᠦᠯᠪᠡ᠃ ᠬᠤᠳᠠ ᠪᠠᠯᠭᠠᠰᠤᠨ ᠤ ᠨᠡᠶᠢᠭᠡᠮ ᠲᠣᠭᠤᠷᠢᠭ ᠲᠤ᠂ | ᠦᠢᠯᠡᠴᠢᠯᠡᠭᠡ ᠶᠢ ᠰᠢᠯᠢᠳᠡᠭᠵᠢᠭᠦᠯᠬᠦ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠨᠡᠶᠢᠭᠡᠮ ᠲᠣᠭᠤᠷᠢᠭ ᠤᠨ 156 | ᠲᠣᠣᠷᠵᠢᠯ ᠳᠤ ᠲᠤᠬᠢᠷᠠᠭᠤᠯᠤᠯᠳᠠ ᠬᠢᠵᠦ᠂ ︽ᠵᠢᠷᠭᠤᠭᠠᠨ ᠪᠢᠴᠢᠯ ᠠᠵᠢᠯ ᠤᠨ ᠠᠷᠭ᠎ᠠ︾ ᠶᠢ ᠰᠢᠨ᠎ᠡ ᠪᠠᠷ ᠡᠭᠦᠳᠦᠨ | ᠬᠡᠷᠡᠭᠵᠢᠭᠦᠯᠵᠦ᠂ ᠤᠯᠠᠨ ᠲᠦᠮᠡᠨ ᠤ ︽ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ︾ ᠪᠠᠶᠢᠭ᠎ᠠ 20 ᠭᠠᠷᠤᠢ | ᠬᠦᠴᠢᠷ ᠠᠰᠠᠭᠤᠳᠠᠯ ᠢ ᠰᠢᠢᠳᠪᠦᠷᠢᠯᠡᠪᠡ᠃ |