ᠮᠠᠨ ᠤ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ︽ᠭᠤᠷᠪᠠᠨ ᠠᠷᠭ᠎ᠠ ᠬᠡᠮᠵᠢᠶ᠎ᠡ︾ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠠᠶᠢᠭᠤᠯᠪᠠ
ᠨᠡᠶᠢᠲᠡᠯᠡᠭᠰᠡᠨ ᠴᠠᠭ᠄
2024/8/14
    ᠤᠯᠠᠮᠵᠢᠯᠠᠨ ᠬᠠᠮᠠᠭᠠᠯᠠᠬᠤ ᠠᠵᠢᠯ ᠢ ᠴᠢᠩᠭᠠᠳᠬᠠᠪᠠ᠃ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠨᠡᠶᠢᠭᠡᠮ ᠢᠶᠠᠷ ᠢᠶᠠᠨ ᠣᠷᠣᠯᠴᠠᠬᠤ ᠲᠣᠭᠲᠠᠴᠠ ᠶᠢ ᠪᠠᠶᠢᠭᠤᠯᠵᠤ᠂ ᠡᠯ᠎ᠡ ᠱᠠᠲᠤᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ ᠶᠢᠨ ᠤᠯᠠᠮᠵᠢᠯᠠᠨ ᠰᠤᠷᠤᠯᠴᠠᠬᠤ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ ᠳᠡᠮᠵᠢᠵᠦ᠂ ᠪᠣᠳᠠᠰ ᠤᠨ ᠪᠤᠰᠤ ᠰᠣᠶᠣᠯ ᠤᠨ ᠥᠪ ᠤᠨ ︽ᠳᠥᠷᠪᠡᠨ ᠱᠠᠲᠤᠨ ᠤ ᠨᠡᠷᠡᠰ ᠤᠨ ᠵᠢᠭᠰᠠᠭᠠᠯᠲᠠ︾ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠪᠡ᠃ ᠣᠳᠣᠬᠠᠨ ᠳᠤ᠂ ᠪᠥᠬᠦ ᠬᠤᠰᠢᠭᠤᠨ ᠳᠤ ︽ᠪᠣᠳᠠᠰ ᠤᠨ ᠪᠤᠰᠤ ᠰᠣᠶᠣᠯ ᠤᠨ ᠥᠪ︾ ᠢ ᠤᠯᠠᠮᠵᠢᠯᠠᠨ ᠵᠠᠯᠭᠠᠮᠵᠢᠯᠠᠬᠤ ᠰᠠᠭᠤᠷᠢᠨ ᠭᠠᠵᠠᠷ 3᠂ ᠤᠯᠠᠮᠵᠢᠯᠠᠨ ᠰᠤᠷᠭᠠᠬᠤ ᠭᠠᠵᠠᠷ 11᠂ ᠤᠯᠠᠮᠵᠢᠯᠠᠨ ᠵᠠᠯᠭᠠᠮᠵᠢᠯᠠᠬᠤ ᠥᠷᠲᠡᠭᠡ 1 ᠪᠠᠶᠢᠭᠤᠯᠪᠠ᠃    ᠤᠬᠠᠭᠤᠯᠭ᠎ᠠ ᠬᠥᠮᠦᠵᠢᠯ ᠢ ᠴᠢᠩᠭᠠᠳᠬᠠᠪᠠ᠃ ︽ᠪᠣᠳᠠᠰ ᠤᠨ ᠪᠤᠰᠤ ᠰᠣᠶᠣᠯ ᠤᠨ ᠥᠪ ᠢ ᠦᠵᠡᠮᠵᠢ ᠶᠢᠨ ᠣᠷᠣᠨ ᠳᠤ ᠣᠷᠣᠭᠤᠯᠬᠤ︾᠂ ︽ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠠᠵᠢᠯᠯᠠᠭ᠎ᠠ ᠡᠷᠬᠢᠯᠡᠵᠦ᠂ ︽ᠪᠣᠳᠠᠰ ᠤᠨ ᠪᠤᠰᠤ ᠰᠣᠶᠣᠯ ᠤᠨ ᠥᠪ︾ ᠤᠨ ᠮᠡᠳᠡᠯᠭᠡ ᠶᠢ ᠲᠦᠭᠡᠮᠡᠯᠵᠢᠭᠦᠯᠪᠡ᠃ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ︽ᠤᠯᠠᠭᠠᠨᠮᠥ᠋ᠴᠢᠷ ᠢ ᠬᠥᠳᠡᠭᠡ ᠲᠣᠰᠬᠤᠨ ᠳᠤ ᠣᠷᠣᠭᠤᠯᠬᠤ︾᠂ ︽ᠴᠠᠭᠠᠨ ᠰᠠᠷ᠎ᠠ ᠶᠢ ᠤᠭᠲᠤᠬᠤ · ᠰᠢ ᠲᠠᠭᠤᠤᠷᠢᠯᠢᠬ ᠤᠨ ᠤᠮᠠᠷᠠᠲᠤ ᠬᠢᠯᠢ ᠶᠢᠨ ᠠᠶᠠᠯᠠᠯ︾᠂ ︽ᠱᠤᠩᠬᠤᠷ ᠤᠨ ᠴᠤᠭᠯᠠᠭᠠᠨ︾ ᠵᠡᠷᠭᠡ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ  ᠲᠠᠢ ᠠᠭᠤᠰᠤᠯᠴᠠᠭᠤᠯᠪᠠ᠃ 2022 ᠣᠨ ᠠᠴᠠ ᠨᠠᠭᠠᠰᠢ᠂ ᠡᠯ᠎ᠡ ᠲᠦᠷᠦᠯ ᠤᠨ ᠪᠣᠯᠪᠠᠰᠤᠷᠠᠯ ᠤᠨ ᠠᠩᠬᠢ ᠶᠢ 11 ᠬᠤᠭᠤᠴᠠᠭ᠎ᠠ ᠡᠷᠬᠢᠯᠡᠵᠦ᠂ ︽ᠪᠣᠳᠠᠰ ᠤᠨ ᠪᠤᠰᠤ ᠰᠣᠶᠣᠯ ᠤᠨ ᠥᠪ︾ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠶᠢ 380 ᠭᠠᠷᠤᠢ ᠬᠥᠮᠦᠨ ᠤᠳᠠᠭ᠎ᠠ ᠬᠥᠮᠦᠵᠢᠭᠦᠯᠵᠡᠢ᠃    ᠰᠢᠨ᠎ᠡ ᠶᠢ ᠡᠭᠦᠳᠦᠨ ᠬᠥᠭᠵᠢᠬᠦ ᠶᠢ ᠴᠢᠬᠤᠯᠠᠴᠢᠯᠠᠪᠠ᠃ ᠮᠣᠩᠭᠤᠯ ᠦᠨᠳᠦᠰᠦᠲᠡᠨ ᠤ ᠮᠣᠷᠢᠨ ᠤ ᠡᠳ᠋ᠯᠡᠯ ᠦᠢᠯᠡᠳᠬᠦ᠂ ᠮᠣᠩᠭᠤᠯ ᠦᠨᠳᠦᠰᠦᠲᠡᠨ ᠤ ᠠᠷᠠᠰᠤᠨ ᠰᠡᠶᠢᠯᠦᠮᠡᠯ ᠦᠢᠯᠡᠳᠬᠦ ᠵᠡᠷᠭᠡ ᠤᠯᠠᠮᠵᠢᠯᠠᠯᠲᠤ ᠤᠷ᠎ᠠ ᠮᠡᠷᠭᠡᠵᠢᠯ ᠤᠨ ᠲᠥᠷᠥᠯ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠰᠣᠶᠣᠯ ᠢ ᠪᠦᠲᠦᠭᠡᠯᠴᠢ ᠪᠠᠷ ᠬᠤᠪᠢᠷᠠᠭᠤᠯᠬᠤ᠂ ᠰᠢᠨ᠎ᠡ ᠶᠢ ᠡᠭᠦᠳᠬᠦ ᠴᠢᠨᠠᠷᠲᠠᠶ ᠬᠥᠭᠵᠢᠭᠦᠯᠬᠦ ᠶᠢ ᠴᠢᠩᠭᠠᠳᠬᠠᠵᠤ᠂ ᠨᠢᠭᠡ ᠪᠦᠯᠦᠭ ᠭᠤᠤᠯ ᠰᠡᠳᠦᠪᠲᠦ ᠣᠨᠴᠠᠯᠢᠭ ᠨᠢ ᠢᠯᠡ ᠲᠣᠳᠣ᠂ ᠠᠭᠤᠯᠭ᠎ᠠ ᠨᠢ ᠪᠠᠶᠠᠯᠢᠭ᠂ ᠬᠠᠷᠢᠯᠴᠠᠨ ᠦᠢᠯᠡᠳᠦᠯᠴᠡᠵᠦ ᠣᠶᠢᠯᠠᠭᠠᠬᠤ ᠴᠢᠨᠠᠷ ᠢᠶᠠᠷ ᠴᠢᠩᠭ᠎ᠠ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠭᠳᠡᠬᠦᠨ ᠢ ᠡᠬᠦᠳᠦᠨ ᠪᠦᠳᠦᠭᠡᠭᠰᠡᠨ ᠪᠠᠶᠢᠨ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号