ᠮᠠᠨ ᠤ ᠬᠤᠰᠢᠭᠤ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠵᠠᠮᠨᠠᠵᠤ ᠪᠠᠶᠢᠭ᠎ᠠ
ᠨᠡᠶᠢᠲᠡᠯᠡᠭᠰᠡᠨ ᠴᠠᠭ᠄
2024/8/14
    2012 ᠤᠨ ᠠᠴᠠ ᠡᠬᠢᠯᠡᠨ ᠬᠠᠰᠢᠶᠠᠯᠠᠨ ᠲᠡᠵᠢᠬᠡᠵᠤ ᠦᠨᠳᠦᠷ ᠦᠷ᠎ᠡ ᠠᠰᠢᠭᠳᠠᠢ ᠪᠠᠷ ᠲᠡᠵᠢᠬᠡᠬᠦ ᠠᠷᠭ᠎ᠠ ᠶᠢ ᠰᠦᠪᠡᠭᠴᠢᠯᠡᠭᠰᠡᠨ ᠠᠴᠠ ᠨᠠᠰᠢ᠂ ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠦᠬᠡᠷ ᠤᠨ ᠰᠦᠷᠦᠭ ᠤᠨ ᠪᠦᠳᠦᠴᠡ ᠨᠡᠩ ᠲᠤᠬᠢᠷᠠᠮᠵᠢᠳᠠᠢ ᠪᠤᠯᠵᠤ᠂ 2023 ᠤᠨ ᠳᠤ 43 ᠲᠦᠮᠡᠨ ᠲᠤᠯᠤᠭᠠᠢ ᠨᠤᠳᠤᠭ ᠤᠨ ᠦᠨᠢᠶ᠎ᠡ ᠳᠤ ᠢᠴᠡᠭᠡᠯ ᠦᠷ᠎ᠡ ᠶᠢᠨ ᠬᠡᠬᠡᠯᠳᠦᠬᠦᠯᠭᠡ ᠬᠢᠵᠦ᠂ ᠰᠠᠭᠤᠷᠢ ᠲᠦᠬᠦᠭᠡᠷᠤᠮᠵᠢ ᠶᠢᠨ ᠪᠠᠶᠢᠭᠤᠯᠤᠯᠳᠠ ᠲᠠᠰᠤᠷᠠᠯᠳᠠ ᠦᠬᠡᠢ ᠴᠢᠩᠭᠠᠷᠠᠵᠥ᠂ 2023 ᠤᠨ ᠳᠤ ᠪᠦᠬᠦ ᠬᠤᠰᠢᠭᠤᠨ ᠤ ᠬᠠᠰᠢᠶ᠎ᠠ ᠰᠠᠷᠠᠪᠴᠢ 951.5 ᠲᠦᠮᠡᠨ ᠲᠡᠭᠰᠢ ᠲᠦᠷᠪᠡᠯᠵᠢᠨ ᠮᠧᠲᠷ᠂ ᠬᠦᠭᠡ ᠪᠤᠷᠳᠤᠭᠠᠨ ᠵᠤᠭᠤᠷᠢ 380 ᠲᠦᠮᠡᠨ ᠲᠡᠭᠰᠢ ᠲᠦᠷᠪᠡᠯᠵᠢᠨ ᠮᠧᠲᠷ ᠬᠦᠷᠪᠡ᠃ 2023 ᠣᠨ ᠳᠤ ᠦᠬᠡᠷ ᠤᠨ ᠲᠤᠭ᠎ᠠ 100.86 ᠲᠦᠮᠡ ᠬᠦᠷᠴᠦ᠂ 2012 ᠣᠨ ᠤ ᠬᠢ ᠠᠴᠠ 49.89 ᠲᠦᠮᠡ ᠨᠡᠮᠡᠭᠳᠡᠵᠦ᠂ 97.88% ᠪᠠᠷ ᠨᠡᠮᠡᠭᠳᠡᠪᠡ︔ 2023 ᠣᠨ ᠳᠤ ᠪᠥᠬᠦ ᠬᠤᠰᠢᠭᠤᠨ ᠤ ᠮᠠᠯᠴᠢᠨ ᠲᠠᠷᠢᠶᠠᠴᠢᠨ ᠤ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 19437 ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 8% ᠪᠠᠷ ᠨᠡᠮᠡᠭᠳᠡᠪᠡ᠃      2023 ᠤᠨ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠠᠰᠢᠶᠠᠯᠠᠨ ᠲᠡᠵᠢᠭᠡᠵᠦ ᠥᠨᠳᠥᠷ ᠪᠦᠲᠦᠮᠵᠢᠲᠡᠶ ᠪᠠᠷ ᠦᠬᠡᠷ ᠲᠡᠵᠢᠭᠡᠬᠦ ᠵᠢᠱᠢᠶ᠎ᠡ ᠦᠵᠡᠭᠦᠯᠬᠦ ᠲᠥᠷᠥᠯ ᠵᠦᠢᠯ ᠨᠢ ᠲᠥᠪ ᠤᠨ ᠤᠬᠠᠭᠤᠯᠬᠤ ᠬᠡᠯᠲᠡᠰ ᠤᠨ ᠨᠡᠶᠢᠲᠡᠯᠡᠭᠰᠡᠨ ᠪᠥᠬᠦ ᠤᠯᠤᠰ ᠤᠨ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ᠤᠨ ︽ᠭᠤᠷᠪᠠ ᠶᠢ ᠬᠥᠳᠡᠭᠡ ᠪᠠᠭᠤᠯᠭᠠᠬᠤ︾ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠣᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 3 ᠲᠥᠷᠥᠯ ᠵᠦᠢᠯ ᠨᠢ ᠲᠣᠰ ᠢᠷᠠᠭᠤ ᠠᠯᠳᠠᠷ ᠢ ᠭᠥᠷᠳᠡᠪᠡ᠃ ᠲᠥᠷᠥᠯ ᠵᠦᠢᠯ ᠢ ᠳᠡᠯᠭᠡᠷᠡᠭᠦᠯᠦᠭᠰᠡᠨ ᠨᠢ ᠪᠥᠬᠦ ᠤᠯᠤᠰ ᠤᠨ ᠪᠤᠰᠤᠳ ᠭᠠᠵᠠᠷ ᠣᠷᠣᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠲᠣᠯᠢ ᠪᠣᠯᠭᠠᠬᠤ ᠦᠢᠯᠡᠳᠦᠯ ᠦᠵᠡᠭᠦᠯᠪᠡ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号