ᠮᠠᠨ ᠤ ᠬᠤᠰᠢᠭᠤ ᠳᠤᠯᠠᠭᠠᠯᠠᠭ᠎ᠠ ᠶᠢᠨ ᠢᠨᠵᠧᠨᠧᠷᠢᠩ ᠢ ᠪᠦᠬᠦ ᠬᠦᠴᠦᠨ ᠢᠶᠠᠷ ᠠᠬᠢᠭᠤᠯᠵᠤ ᠪᠠᠶᠢᠭ᠎ᠠ
ᠨᠡᠶᠢᠲᠡᠯᠡᠭᠰᠡᠨ ᠴᠠᠭ᠄
2024/8/15
   ︽ᠳᠤᠯᠠᠭᠠᠯᠠᠭ᠎ᠠ ᠶᠢᠨ ᠢᠨᠵᠧᠨᠧᠷᠢᠩ︾ ᠪᠣᠯ ᠠᠷᠠᠳ ᠤᠯᠠᠨ ᠤ ᠠᠮᠢᠳᠤᠷᠠᠯ ᠤᠨ ᠪᠣᠳᠠᠲᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠ ᠶᠢᠨ ᠲᠤᠯᠭᠠᠮ᠎ᠠ ᠠᠰᠠᠭᠤᠳᠠᠯ ᠢ ᠰᠢᠢᠳᠪᠦᠷᠢᠯᠡᠬᠦ ᠳᠤ ᠭᠤᠣᠯᠳᠠᠯᠭ᠎ᠠ ᠲᠠᠢ ᠬᠡᠷᠡᠭᠵᠢᠭᠦᠯᠬᠦ ᠠᠷᠠᠳ ᠤᠨ ᠠᠮᠢᠳᠤᠷᠠᠯ ᠤᠨ ︽ᠨᠢᠭᠡᠳᠦᠭᠡᠷ ᠨᠣᠮᠧᠷᠲᠤ ᠢᠨᠵᠧᠨᠧᠷᠢᠩ︾ ᠪᠣᠯᠤᠨ᠎ᠠ᠃ ᠳᠤᠯᠠᠭᠠᠯᠠᠭ᠎ᠠ ᠶᠢᠨ ᠢᠨᠵᠧᠨᠧᠷᠢᠩ ᠤᠨ ᠲᠦᠷᠦᠯ ᠵᠦᠢᠯ ᠤᠨ ᠪᠠᠶᠢᠭᠤᠯᠤᠯᠳᠠ ᠪᠠᠷᠢᠯᠭ᠎ᠠ ᠡᠬᠢᠯᠡᠭᠰᠡᠨ ᠠᠴᠠ ᠨᠠᠰᠢ᠂ ᠬᠤᠷᠴᠢᠨ ᠵᠡᠬᠦᠨ ᠭᠠᠷᠤᠨ ᠬᠤᠶᠢᠳᠤ ᠬᠤᠰᠢᠭᠤ ᠢᠳᠡᠪᠬᠢᠳᠡᠢ ᠠᠬᠢᠭᠤᠯᠵᠥ᠂ ᠤᠨᠢᠨ ᠲᠡᠭᠡᠷ᠎ᠡ ᠨᠢ ᠬᠦᠴᠦᠯᠡᠵᠥ᠂ ︽ᠳᠤᠯᠠᠭᠠᠯᠠᠭ᠎ᠠ ᠶᠢᠨ ᠢᠨᠵᠧᠨᠧᠷᠢᠩ︾ ᠤᠨ ᠪᠠᠶᠢᠭᠤᠯᠤᠯᠳᠠ ᠶᠢ ᠪᠦᠬᠦ ᠬᠦᠴᠦᠨ ᠢᠶᠠᠷ ᠲᠦᠷᠭᠡᠳᠭᠡᠵᠥ᠂ ᠪᠤᠳᠡᠳᠦ ᠠᠵᠢᠯᠯᠠᠭ᠎ᠠ ᠪᠠᠷ ᠢᠶᠠᠨ ᠠᠷᠠᠳ ᠢᠷᠭᠡᠳ ᠤᠨ ᠵᠤᠯ ᠵᠢᠷᠭᠠᠯᠳᠦ ᠠᠮᠢᠳᠤᠷᠠᠯ ᠢ ᠲᠠᠬᠢᠨ ᠲᠡᠭᠡᠭᠰᠢᠯᠡᠬᠦᠯᠪᠡ᠃
 科左后旗全力推进温暖工程01.jpg 
    ᠬᠤᠰᠢᠭᠤᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ︽ᠳᠤᠯᠠᠭᠠᠯᠠᠭ᠎ᠠ ᠶᠢᠨ ᠢᠨᠵᠧᠨᠧᠷᠢᠩ︾ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ᠂ ᠪᠠᠷᠢᠯᠭ᠎ᠠ ᠶᠢᠨ ᠠᠵᠢᠯᠲᠠᠳ ᠶᠠᠭ ᠶᠠᠭᠠᠷᠠᠯᠲᠠᠶ ᠠᠵᠢᠯᠯᠠᠵᠤ᠂ ᠢᠯᠴᠢ ᠬᠠᠩᠭᠠᠬᠤ ᠭᠤᠤᠯ ᠬᠤᠭᠤᠯᠠᠢ ᠶᠢ ᠭᠠᠩᠨᠠᠬᠤ᠂ ᠢᠯᠴᠢ ᠬᠠᠩᠭᠠᠬᠤ ᠢᠯᠲᠠᠰᠤ ᠰᠣᠯᠢᠬᠤ ᠵᠡᠷᠭᠡ ᠡᠯ᠎ᠡ ᠵᠦᠢᠯ ᠤᠨ ᠠᠵᠢᠯ ᠡᠮᠬᠢ ᠵᠢᠷᠤᠮ ᠲᠠᠢ ᠶᠠᠪᠤᠭᠳᠠᠵᠤ᠂ ᠦᠳᠲᠡᠷ ᠲᠦᠷᠭᠡᠨ ᠥᠨᠳᠥᠷ ᠪᠦᠲᠦᠮᠵᠢᠲᠡᠶ ᠪᠠᠶᠢᠯ᠎ᠠ᠃
  科左后旗全力推进温暖工程02.jpg  
    ︽ᠪᠢᠳᠡ ᠣᠳᠣ ᠡᠨᠡ ᠬᠦ ᠪᠠᠷᠢᠯᠭ᠎ᠠ ᠶᠢᠨ ᠠᠵᠢᠯ ᠤᠨ ᠶᠡᠷᠦᠩᠬᠡᠶ ᠬᠡᠮᠵᠢᠶᠡᠨ ᠤ 90% ᠠᠴᠠ ᠳᠡᠭᠡᠭᠰᠢᠬᠢ ᠶᠢ ᠨᠢᠭᠡᠨᠲᠡ ᠪᠡᠶᠡᠯᠡᠭᠦᠯᠵᠡᠶ᠂ ᠴᠣᠩᠬᠤ ᠶᠢᠨ ᠠᠵᠢᠯ ᠢ ᠣᠳᠣᠬᠠᠨ ᠳᠤ ᠨᠢᠭᠡᠨᠲᠡ ᠲᠠᠭᠤᠰᠬᠠᠵᠠᠢ᠂ ᠳᠤᠯᠠᠭᠠᠮᠵᠢ ᠶᠢᠨ ᠬᠠᠪᠳᠠᠰᠤ ᠶᠢ ᠤᠭᠰᠠᠷᠠᠵᠤ ᠲᠠᠭᠤᠰᠬᠠᠵᠤ ᠣᠲᠣ ᠶᠠᠭ ᠬᠤᠭᠤᠯᠠᠢ ᠶᠢ ᠵᠠᠯᠭᠠᠵᠤ ᠪᠠᠶᠢᠨ᠎ᠠ᠂ ᠣᠳᠣᠬᠠᠨ ᠳᠤ ᠨᠢᠭᠡ ᠯᠡ ᠠᠰᠠᠷ ᠦᠯᠡᠳᠡᠵᠤ ᠪᠠᠶᠢᠨ᠎ᠠ᠃ ᠭᠠᠵᠠᠷ ᠤᠬᠤᠵᠤ ᠭᠤᠤ ᠮᠠᠯᠳᠠᠬᠤ ᠠᠵᠢᠯ ᠨᠢᠭᠡ ᠭᠠᠷᠠᠭ ᠣᠷᠴᠢᠮ ᠳᠠᠭᠤᠰᠤᠨ᠎ᠠ᠂ ᠪᠤᠰᠤᠳ ᠠᠵᠢᠯ ᠢ ᠪᠠᠷᠤᠭ 8 ᠰᠠᠷ᠎ᠠ ᠶᠢᠨ ᠬᠤᠷᠢᠨ ᠤ ᠣᠷᠴᠢᠮ ᠢᠶᠠᠷ ᠳᠠᠭᠤᠰᠭᠠᠵᠤ᠂ ᠰᠤᠷᠤᠭᠴᠢᠳ ᠤᠨ ᠰᠤᠷᠤᠯᠭ᠎ᠠ ᠡᠬᠢᠯᠡᠬᠦ ᠶᠢ ᠰᠠᠭᠠᠲᠠᠭᠠᠬᠤ ᠦᠭᠡᠢ︾ ᠭᠡᠵᠤ  ᠬᠠᠯᠠᠭᠤᠨ ᠳᠤᠯᠠᠭᠠᠨ ᠢᠨᠵᠢᠨᠧᠷᠢᠩ ᠤᠨ ᠨᠢᠭᠡᠳᠦᠭᠡᠷ ᠪᠠᠷᠢᠮᠵᠢᠶᠠᠲᠤ ᠬᠡᠰᠡᠭ ᠤᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠶᠢᠨ ᠬᠠᠷᠢᠭᠤᠴᠠᠯᠭᠠᠲᠠᠨ ᠸᠠᠩ ᠴᠤᠤ ᠴᠢᠶᠠᠨ ᠬᠡᠯᠡᠪᠡ᠃
  科左后旗全力推进温暖工程03.jpg  
    ᠲᠢᠶᠠᠨ ᠱᠦᠨ ᠷᠧᠨ ᠾᠧ ᠰᠠᠭᠤᠭᠠᠯᠢ ᠲᠣᠭᠤᠷᠢᠭ ᠪᠣᠯ ᠲᠣᠰ ᠤᠳᠠᠭᠠᠨ ᠤ ᠢᠯᠴᠢ ᠬᠠᠩᠭᠠᠬᠤ ᠥᠭᠡᠷᠡᠴᠢᠯᠡᠯᠲᠡ ᠶᠢᠨ ᠵᠢᠵᠢᠭ ᠲᠣᠭᠤᠷᠢᠭ ᠤᠨ ᠨᠢᠭᠡ ᠪᠣᠯᠤᠨ᠎ᠠ᠂ ᠦᠭᠡᠷᠡᠴᠢᠯᠡᠨ ᠵᠠᠰᠠᠬᠤ ᠲᠠᠯᠠᠪᠠᠢ ᠨᠢ 21750 ᠺᠦᠸᠠᠳ᠋ ᠮᠧᠲᠷ ᠬᠦᠷᠴᠦ᠂ 200 ᠭᠠᠷᠤᠶ ᠡᠷᠦᠬᠡ ᠰᠠᠭᠤᠭᠠᠯᠢ ᠠᠷᠠᠳ ᠢ ᠬᠠᠮᠤᠷᠴᠠᠶ᠃ ᠣᠳᠣᠬᠠᠨ ᠳᠤ᠂ ᠢᠯᠴᠢ ᠬᠠᠩᠭᠠᠬᠤ ᠬᠤᠶᠠᠳᠤᠭᠠᠷ ᠤᠳᠠᠭᠠᠨ ᠤ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠨᠢᠭᠡᠨᠲᠡ ᠳᠠᠭᠤᠰᠴᠤ᠂ ᠪᠠᠷᠢᠯᠭ᠎ᠠ ᠶᠢᠨ ᠠᠵᠢᠯᠲᠠᠳ ᠶᠠᠭ ᠰᠠᠶ᠋ᠢᠬᠠᠨ ᠠᠰᠠᠷ ᠤᠨ ᠳᠣᠲᠣᠷᠠᠬᠢ ᠨᠢᠭᠡᠴᠢ ᠡᠷᠦᠭᠡ ᠶᠢᠨ ᠪᠤᠰᠤᠭ᠎ᠠ ᠬᠤᠭᠤᠯᠠᠶ ᠶᠢ ᠰᠣᠯᠢᠵᠤ ᠵᠠᠯᠭᠠᠵᠦ ᠪᠠᠶᠢᠨ᠎ᠠ᠃ ᠡᠭᠦᠨ ᠤ ᠬᠠᠮᠲᠤ ᠨᠡᠭᠡᠯᠡᠬᠡᠶ ᠶᠢ ᠰᠡᠯᠪᠢᠨ ᠵᠠᠰᠠᠬᠤ᠂ ᠬᠤᠭᠤᠯᠠᠶ ᠭᠠᠩᠨᠠᠨ ᠵᠠᠯᠭᠠᠬᠤ ᠵᠡᠷᠭᠡ ᠠᠵᠢᠯ ᠢ ᠬᠢᠵᠦ ᠪᠠᠶᠢᠨ᠎ᠠ᠃
  科左后旗全力推进温暖工程04.jpg
    ︽2024 ᠳᠤᠯᠠᠭᠠᠯᠠᠭ᠎ᠠ ᠶᠢᠨ ᠢᠨᠵᠧᠨᠧᠷᠢᠩ ᠨᠢ ᠬᠤᠶᠠᠳᠠᠬᠢ ᠬᠤᠭᠤᠯᠠᠶ ᠶᠢᠨ ᠲᠣᠤᠷ ᠢ ᠰᠤᠯᠢᠬᠤ᠂ ᠨᠢᠭᠡᠴᠢ ᠡᠷᠦᠭᠡ ᠶᠢᠨ ᠪᠤᠰᠤᠭ᠎ᠠ ᠬᠤᠭᠤᠯᠠᠶ ᠶᠢ ᠰᠣᠯᠢᠬᠤ ᠵᠡᠷᠭᠡ ᠪᠠᠷᠢᠯᠭ᠎ᠠ ᠶᠢ ᠬᠡᠷᠡᠭᠵᠢᠬᠦᠯᠵᠦ᠂ ᠤᠤᠯ ᠤᠨ ᠬᠠᠭᠤᠴᠢᠨ ᠬᠤᠭᠤᠯᠠᠶ ᠶᠢ ᠨᠤᠷᠠᠭᠠᠵᠤ᠂ ᠪᠦᠳᠦᠭᠦᠨ ᠬᠤᠭᠤᠯᠠᠶ ᠤᠭᠰᠠᠷᠠᠨ᠎ᠠ᠂ ᠢᠯᠴᠢ ᠬᠠᠩᠭᠠᠬᠤ ᠰᠢᠰᠲ᠋ᠧᠮ ᠢ ᠨᠠᠩ ᠪᠦᠷᠢᠨ ᠲᠡᠭᠦᠯᠳᠡᠷ ᠪᠣᠯᠭᠠᠬᠤ ᠶᠢ ᠪᠠᠲᠤᠯᠠᠵᠤ᠂ ᠲᠣᠰ ᠪᠠᠷᠢᠯᠭ᠎ᠠ ᠶᠢᠨ ᠠᠵᠢᠯ ᠤᠨ ᠬᠤᠭᠤᠴᠠᠭ᠎ᠠ ᠶᠢ ᠵᠢᠱᠢᠯᠲᠡ ᠪᠠᠷ 8 ᠰᠠᠷ᠎ᠠ ᠶᠢᠨ ᠰᠡᠭᠦᠯᠴᠢ ᠪᠠᠷ ᠳᠠᠭᠤᠰᠬᠠᠨ᠎ᠠ︾ ᠭᠡᠵᠤ ᠳᠤᠯᠠᠭᠠᠯᠠᠭ᠎ᠠ ᠶᠢᠨ ᠢᠨᠵᠢᠨᠧᠷᠢᠩ ᠲᠦᠷᠦᠯ ᠵᠦᠢᠯ ᠤᠨ ᠲᠤᠬᠠᠢ ᠶᠢᠨ ᠲᠠᠯᠠᠪᠠᠢ ᠶᠢᠨ ᠬᠠᠷᠢᠭᠤᠴᠠᠯᠭᠠᠲᠠᠨ ᠴᠧᠨ ᠪᠦᠦ ᠱᠢ ᠬᠡᠯᠡᠪᠡ᠃     ᠣᠯᠠᠨ ᠲᠦᠮᠡᠨ ᠤ ᠴᠢᠬᠤᠯᠠ ᠶᠠᠪᠤᠳᠠᠯ ᠪᠠᠴᠢᠮ ᠶᠠᠪᠤᠳᠠᠯ ᠪᠣᠯᠤᠭᠰᠠᠨ ᠤ ᠬᠤᠪᠢ ᠳᠤ᠂ ᠮᠠᠨ ᠤ ᠬᠤᠰᠢᠭᠤ ᠳᠤᠯᠠᠭᠠᠯᠠᠭ᠎ᠠ ᠶᠢᠨ ᠢᠨᠵᠧᠨᠧᠷᠢᠩ ᠢ ᠢᠮᠠᠭᠲᠠ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠲᠡᠷᠢᠭᠦᠨ ᠴᠢᠬᠤᠯᠠ ᠠᠵᠢᠯ ᠪᠤᠯᠭᠠᠭᠰᠠᠭᠠᠷ ᠢᠷᠡᠪᠡ᠃ ᠣᠶᠢᠯᠠᠭᠠᠭᠰᠠᠨ ᠢᠶᠠᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ 2024 ᠣᠨ ᠳᠤ ︽ᠳᠤᠯᠠᠭᠠᠯᠠᠭ᠎ᠠ ᠶᠢᠨ ᠢᠨᠵᠧᠨᠧᠷᠢᠩ︾ ᠤᠨ ᠲᠥᠷᠥᠯ ᠵᠦᠢᠯ ᠢ ᠨᠡᠶᠢᠲᠡ 4 ᠬᠡᠷᠡᠭᠵᠢᠭᠦᠯᠵᠦ᠂ ᠨᠡᠶᠢᠲᠡ 2.54 ᠳ᠋ᠦᠩᠰᠢᠭᠤᠷ ᠲᠥᠭᠦᠷᠢᠭ ᠪᠠᠯᠠ ᠣᠷᠣᠭᠤᠯᠵᠤ᠂ ᠬᠤᠶᠠᠷ ᠰᠤᠷᠭᠠᠭᠤᠯᠢ᠂ 4 ᠰᠢᠶᠠᠩ ᠪᠠᠯᠭᠠᠰᠤ᠂ 30 ᠭᠠᠷᠤᠶ ᠵᠢᠵᠢᠭ ᠲᠣᠭᠤᠷᠢᠭ᠂ 3000 ᠭᠠᠷᠤᠶ ᠡᠷᠦᠬᠡ ᠰᠠᠭᠤᠭᠠᠯᠢ ᠠᠷᠠᠳ᠂ ᠢᠯᠴᠢ ᠬᠠᠩᠭᠠᠬᠤ ᠲᠠᠯᠠᠪᠠᠶ 42200.44 ᠺᠤᠸᠠᠲ ᠮᠧᠲᠷ ᠬᠦᠷᠴᠡᠶ᠃ ᠢᠯᠴᠢ ᠬᠠᠩᠭᠠᠬᠤ ᠬᠤᠶᠠᠳᠠᠬᠢ ᠬᠤᠭᠤᠯᠠᠶ ᠶᠢᠨ ᠲᠣᠤᠷ ᠢ 95 ᠺᠢᠯᠤᠮᠧᠲᠷ᠂ ᠵᠢᠵᠢᠭ ᠲᠣᠭᠤᠷᠢᠭ ᠤᠨ ᠨᠢᠭᠡᠴᠢ ᠡᠷᠦᠭᠡ ᠶᠢᠨ ᠢᠯᠴᠢ ᠬᠠᠩᠭᠠᠬᠤ ᠲᠤᠤᠷ ᠤᠨ ᠪᠤᠰᠤᠭ᠎ᠠ ᠬᠤᠭᠤᠯᠠᠢ ᠶᠢ 25 ᠺᠢᠯᠤᠮᠧᠲᠷ᠂ ᠢᠯᠴᠢ ᠰᠣᠯᠢᠯᠴᠠᠬᠤ ᠥᠷᠲᠡᠭᠡ 7 ᠰᠠᠭᠤᠷᠢ᠂ ᠬᠤᠭᠤᠯᠠᠶ ᠶᠢᠨ ᠬᠤᠳᠳᠤᠭ ᠢ 512 ᠰᠠᠭᠤᠷᠢ ᠦᠬᠡᠷᠡᠴᠢᠯᠡᠨ ᠰᠢᠨᠡᠴᠢᠯᠡᠵᠦ᠂ ᠬᠤᠭᠤᠯᠠᠶ ᠶᠢᠨ ᠬᠤᠳᠳᠤᠭ 80 ᠰᠢᠨ᠎ᠡ ᠪᠠᠶᠢᠭᠤᠯᠬᠤ ᠪᠠᠷ ᠲᠦᠯᠦᠪᠯᠡᠵᠦ ᠪᠠᠶᠢᠨ᠎ᠠ᠃ ᠪᠠᠷᠢᠯᠭ᠎ᠠ ᠡᠬᠢᠯᠡᠭᠰᠡᠨ ᠠᠴᠠ ᠨᠠᠭᠠᠰᠢ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠪᠥᠲᠥᠭᠡᠨ ᠪᠠᠶᠢᠭᠤᠯᠤᠯᠲᠠ ᠶᠢᠨ ᠠᠯᠬᠤᠴᠠ ᠪᠠᠨ ᠪᠥᠬᠦ ᠬᠦᠴᠦᠨ ᠢᠶᠠᠷ ᠢᠶᠠᠨ ᠲᠦᠷᠭᠡᠳᠬᠡᠵᠦ᠂ ᠣᠲᠣ ᠪᠣᠯᠲᠠᠯ᠎ᠠ᠂ ᠶᠡᠷᠦᠩᠬᠡᠶ ᠠᠬᠢᠴᠠ ᠶᠢᠨ 70% ᠶᠢ ᠨᠢᠭᠡᠨᠲᠡ ᠪᠡᠶᠡᠯᠡᠭᠦᠯᠵᠦ᠂ ᠪᠦᠬᠦᠯᠢ ᠴᠣᠭᠴᠠ ᠶᠢᠨ ᠪᠠᠷᠢᠯᠭ᠎ᠠ ᠶᠢ ᠵᠢᠱᠢᠯᠲᠡ ᠪᠠᠷ 9 ᠰᠠᠷ᠎ᠠ ᠶᠢᠨ ᠳᠤᠮᠳᠠᠴᠢ ᠪᠠᠷ ᠪᠠᠷᠢᠵᠤ ᠳᠠᠭᠤᠰᠬᠠᠨ᠎ᠠ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号