ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ | ᠵᠢᠯᠣᠭᠤᠳᠬᠤ ᠭᠠᠵᠠᠷ 2024 ᠣᠨ ᠤ 1 ᠳ᠋ᠤᠭᠡᠷ ᠲᠣᠭᠠᠲᠤ ᠵᠠᠷᠯᠢᠭ ᠨᠡᠶᠢᠲᠡᠯᠡᠪᠡ᠂ ᠰᠦᠩ ᠯᠢᠶᠣᠤ ᠶᠢᠨ ᠵᠦᠪᠯᠡᠯ | ᠤᠨ ᠬᠠᠮᠤᠭ ᠰᠢᠨ᠎ᠡ ᠤᠷᠢᠳᠴᠢᠯᠠᠭᠰᠠᠨ ᠮᠡᠳᠡᠭᠡ ᠶᠢ ᠦᠨᠳᠦᠰᠦᠯᠡᠪᠡᠯ᠂ 8 ᠳ᠋ᠤᠭᠠᠷ ᠰᠠᠷ᠎ᠠ ᠶᠢᠨ 2 ᠤᠨ ᠡᠳᠦᠷ᠂ | ᠵᠡᠭᠦᠨ ᠯᠢᠶᠣᠤ ᠾᠧ ᠭᠤᠤᠯ ᠤᠨ ᠬᠠᠮᠤᠭ ᠤᠨ ᠶᠡᠭᠡ ᠤᠷᠤᠰᠬᠠᠯ ᠤᠨ ᠬᠡᠮᠵᠢᠶ᠎ᠡ 1705 ᠺᠦᠪ ᠮᠧᠲᠷ / ᠰᠧᠺᠦ᠋ᠨ᠋ᠳ᠋ | ᠬᠦᠷᠬᠦ ᠪᠤᠯᠤᠨ᠎ᠠ᠃ ᠲᠤᠬᠠᠶ ᠶᠢᠨ ᠭᠠᠵᠠᠷ 8 ᠰᠠᠷ᠎ᠠ ᠶᠢᠨ 1 ᠤ ᠡᠳᠦᠷ ᠦᠶᠡᠷ ᠢ ᠰᠡᠷᠭᠡᠶᠢᠯᠡᠬᠦ ᠭᠤᠤᠯᠳᠠᠯᠭ᠎ᠠ ᠲᠠᠢ | ᠣᠷᠣᠨ ᠪᠦᠰᠡ ᠶᠢᠨ ᠣᠯᠠᠨ ᠲᠦᠮᠡᠨ ᠢ ᠰᠢᠯᠵᠢᠭᠦᠯᠦᠨ ᠨᠡᠭᠦᠯᠭᠡᠵᠦ᠂ ᠣᠳᠣ ᠪᠣᠯᠲᠠᠯ᠎ᠠ᠂ ᠨᠡᠶᠢᠲᠡ 17848 ᠣᠯᠠᠨ | ᠲᠦᠮᠡᠨ ᠢ ᠰᠢᠯᠵᠢᠭᠦᠯᠦᠨ ᠨᠡᠭᠦᠯᠭᠡᠵᠦ᠂ ᠦᠶᠡᠷ ᠢ ᠰᠡᠷᠭᠡᠶᠢᠯᠡᠬᠦ ᠣᠷᠣᠨ ᠪᠦᠰᠡ ᠶᠢᠨ ᠣᠯᠠᠨ ᠲᠦᠮᠡᠨ ᠢ | ᠦᠨᠳᠦᠰᠦᠨ ᠳᠡᠭᠡᠨ ᠵᠠᠶᠢᠯᠠᠭᠤᠯᠪᠠ᠃ | | | | ᠵᠡᠭᠦᠨ ᠯᠢᠶᠣᠤᠾᠧ ᠭᠤᠤᠯ ᠤᠨ ᠦᠶᠡᠷ ᠤᠨ ᠪᠠᠶᠢᠳᠠᠯ ᠳᠤ ᠴᠢᠭᠯᠡᠭᠦᠯᠦᠨ᠂ ᠲᠦᠩᠯᠢᠶᠣᠤ ᠬᠤᠲᠠ ᠶᠢᠨ ᠣᠯᠠᠨ | ᠰᠠᠯᠠᠭ᠎ᠠ ᠮᠥᠴᠢᠷ ᠬᠠᠮᠲᠤᠷᠠᠨ ᠵᠥᠪᠳᠡᠯᠴᠡᠵᠦ᠂ 2024 ᠣᠨ ᠤ 7 ᠰᠠᠷ᠎ᠠ ᠶᠢᠨ 31 ᠤ ᠡᠳᠦᠷ ᠤᠨ 20 | ᠴᠠᠭ ᠠᠴᠠ ᠡᠬᠢᠯᠡᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠴᠢᠭᠯᠡᠭᠦᠯᠦᠨ ᠦᠶᠡᠷ ᠢ ᠰᠡᠷᠭᠡᠶᠢᠯᠡᠬᠦ | ᠳᠥᠷᠪᠡᠳᠦᠭᠡᠷ ᠳᠡᠰ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠡᠬᠢᠯᠡᠭᠦᠯᠪᠡ᠃ ᠬᠤᠷᠴᠢᠨ ᠵᠡᠭᠦᠨ ᠭᠠᠷᠤᠨ | ᠬᠤᠶᠢᠲᠤ ᠬᠤᠰᠢᠭᠤ 7 ᠰᠠᠷ᠎ᠠ ᠶᠢᠨ 31 ᠤ ᠡᠳᠦᠷ ᠤᠨ 21 ᠴᠠᠭ 30 ᠮᠢᠨᠦ᠋ᠲ ᠲᠤ ᠪᠠᠴᠢᠮ ᠪᠠᠶᠢᠳᠠᠯ ᠢ | ᠠᠷᠭᠠᠴᠠᠬᠤ ᠴᠤᠤᠷᠢᠶ᠎ᠠ ᠶᠢ ᠭᠤᠷᠪᠠᠳᠤᠭᠠᠷ ᠳᠡᠰ ᠪᠣᠯᠭᠠᠨ ᠳᠡᠭᠡᠭᠰᠢᠯᠡᠭᠦᠯᠵᠦ᠂ 8 ᠰᠠᠷ᠎ᠠ ᠶᠢᠨ 1 ᠤ ᠡᠳᠦᠷ ᠤᠨ 0 | ᠴᠠᠭ ᠲᠤ ᠪᠠᠴᠢᠮ ᠪᠠᠶᠢᠳᠠᠯ ᠢ ᠠᠷᠭᠠᠴᠠᠬᠤ ᠴᠤᠤᠷᠢᠶ᠎ᠠ ᠶᠢ ᠦᠷᠭᠦᠯᠵᠢᠯᠡᠨ ᠬᠤᠶᠠᠳᠤᠭᠠᠷ ᠳᠡᠰ ᠲᠤ ᠬᠦᠷᠲᠡᠯ᠎ᠡ | ᠳᠡᠭᠡᠭᠰᠢᠯᠡᠭᠦᠯᠪᠡ᠃ ᠣᠳᠣᠬᠠᠨ ᠪᠣᠯᠲᠠᠯ᠎ᠠ᠂ ᠨᠡᠶᠢᠲᠡ 17848 ᠣᠯᠠᠨ ᠲᠦᠮᠡᠨ ᠢ ᠰᠢᠯᠵᠢᠭᠦᠯᠦᠨ ᠨᠡᠭᠦᠯᠭᠡᠵᠦ᠂ | ᠡᠭᠦᠨ ᠳᠤ 1255 ᠬᠥᠮᠦᠨ ᠢ ᠲᠥᠪᠯᠡᠷᠡᠭᠦᠯᠦᠨ ᠲᠥᠪᠬᠢᠨᠡᠭᠦᠯᠵᠦ᠂ 16593 ᠬᠥᠮᠦᠨ ᠲᠥᠷᠥᠯ ᠰᠠᠳᠤᠨ ᠢᠶᠠᠨ | ᠨᠠᠶᠢᠵᠠ ᠨᠥᠬᠦᠳ ᠢᠶᠠᠨ ᠡᠷᠢᠵᠦ ᠲᠦᠰᠢᠭᠰᠡᠨ ᠪᠠᠶᠢᠨ᠎ᠠ᠃ | | | | ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠬᠤ ᠳᠠᠭᠠᠨ᠂ ᠡᠷᠭᠢᠨ ᠲᠣᠭᠤᠷᠢᠨ ᠤ ᠬᠠᠷᠢᠶ᠎ᠠ ᠣᠷᠣᠨ ᠤ | ᠠᠰᠢᠭᠯᠠᠵᠤ ᠪᠣᠯᠬᠤ ᠳᠤᠮᠳᠠᠳᠤ ᠪᠠᠭ᠎ᠠ ᠰᠤᠷᠭᠠᠭᠤᠯᠢ ᠳᠤ ᠪᠠᠴᠢᠮ ᠥᠭᠡᠷᠡᠴᠢᠯᠡᠯᠲᠡ ᠬᠢᠵᠦ᠂ ᠲᠥᠪᠯᠡᠷᠡᠭᠦᠯᠦᠨ | ᠲᠥᠪᠬᠢᠨᠡᠭᠦᠯᠬᠦ 13 ᠴᠡᠭ ᠭᠠᠷᠭᠠᠵᠤ᠂ ᠨᠢᠭᠡᠨᠲᠡ 9 ᠭᠠᠵᠠᠷ ᠢ ᠡᠬᠢᠯᠡᠨ ᠬᠡᠷᠡᠭᠯᠡᠵᠦ᠂ ᠬᠥᠭᠰᠢᠨ ᠪᠠᠭᠤᠷᠠᠶ | ᠡᠪᠡᠳᠴᠢᠲᠡᠶ ᠵᠡᠮᠳᠡᠭ ᠬᠥᠮᠦᠰ ᠢ ᠭᠤᠤᠯᠳᠠᠯᠭ᠎ᠠ ᠲᠠᠢ ᠲᠥᠪᠬᠢᠨᠡᠭᠦᠯᠪᠡ᠃ | ᠣᠳᠣᠬᠠᠨ ᠳᠤ᠂ ᠲᠦᠩᠯᠢᠶᠣᠤ ᠬᠤᠲᠠ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠤᠶᠠᠷ | ᠱᠠᠲᠤᠨ ᠤ ᠦᠶᠡᠷ ᠢ ᠰᠡᠷᠭᠡᠶᠢᠯᠡᠬᠦ ᠵᠢᠯᠣᠭᠤᠳᠬᠤ ᠭᠠᠵᠠᠷ ᠡᠷᠭᠢ ᠳᠠᠭᠠᠤ ᠭᠠᠴᠠᠭ᠎ᠠ ︵ᠲᠣᠰᠬᠤᠨ︶ ᠶᠢ ᠵᠣᠬᠢᠶᠠᠨ | ᠪᠠᠶᠢᠭᠤᠯᠤᠨ 24 ᠴᠠᠭ ᠢᠶᠠᠷ ᠲᠣᠭᠤᠷᠢᠨ ᠪᠠᠶᠢᠴᠠᠭᠠᠵᠤ᠂ ᠤᠷᠢᠳ ᠬᠤᠵᠢᠳ ᠬᠤᠲᠠ ᠶᠢᠨ ᠣᠶ ᠰᠢᠭᠤᠶ ᠶᠢᠨ ᠭᠠᠯ | ᠤᠨᠲᠠᠷᠠᠭᠠᠬᠤ ᠰᠠᠯᠪᠤᠷᠢ ᠠᠩᠭᠢ᠂ ᠵᠡᠪᠰᠡᠭᠲᠦ ᠴᠠᠭᠳᠠᠭ᠎ᠠ ᠶᠢᠨ ᠲᠦᠩᠯᠢᠶᠣᠤ ᠶᠢᠨ ᠰᠠᠯᠪᠤᠷᠢ ᠠᠩᠭᠢ ᠶᠢᠨ 200 | ᠬᠥᠮᠦᠨ᠂ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠬᠦᠴᠦᠨ ᠤ 300 ᠬᠥᠮᠦᠨ ᠲᠤᠬᠢᠷᠠᠭᠤᠯᠤᠨ | ᠬᠦᠳᠡᠯᠭᠡᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠳᠤ 2100 ᠭᠠᠷᠤᠶ ᠬᠥᠮᠦᠨ ᠲᠤᠬᠢᠷᠠᠭᠤᠯᠤᠨ | ᠪᠡᠯᠡᠳᠭᠡᠪᠡ᠃ ᠲᠦᠩᠯᠢᠶᠣᠣ ᠬᠤᠲᠠ ᠦᠶᠡᠷ ᠢ ᠰᠡᠷᠭᠡᠢᠯᠡᠬᠦ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠪᠣᠯᠤᠨ | ᠪᠠᠲᠤᠯᠠᠭ᠎ᠠ ᠶᠢᠨ ᠡᠳ᠋ ᠪᠣᠳᠠᠰ ᠢ ᠰᠢᠯᠵᠢᠬᠦᠯᠦᠨ ᠲᠡᠭᠡᠭᠡᠪᠦᠷᠢᠯᠡᠬᠦ ᠠᠵᠢᠯ ᠤᠷᠤᠭᠰᠢᠳᠡᠢ ᠶᠠᠪᠤᠭᠳᠠᠵᠤ᠂ ᠨᠢᠭᠡᠨᠲᠡ | ᠦᠶᠡᠷ ᠢ ᠰᠡᠷᠭᠡᠢᠯᠡᠬᠦ ᠨᠢᠭᠡᠳᠦᠭᠡᠷ ᠹᠷᠣᠨᠲ ᠲᠤ ᠬᠦᠷᠪᠡ᠃ | |