ᠮᠠᠨ ᠤ ᠬᠤᠰᠢᠭᠤ ᠰᠤᠷᠤᠭᠴᠢ ᠶᠢᠨ ᠢᠷᠡᠯᠲᠡ ᠶᠢᠨ ᠭᠠᠵᠠᠷ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ | ᠲᠦᠷᠦ ᠶᠢᠨ ᠪᠤᠳᠤᠯᠭ᠎ᠠ ᠶᠢ ᠢᠳᠡᠪᠬᠢᠳᠡᠢ ᠨᠠᠶᠢᠳᠠᠪᠤᠷᠢᠵᠢᠭᠤᠯᠵᠥ᠂ ᠭᠡᠷ ᠪᠦᠯᠢ ᠨᠢ ᠬᠦᠴᠢᠷᠳᠡᠯᠳᠡᠢ ᠰᠤᠷᠤᠭᠴᠢᠳ ᠢ | ᠡᠩᠨᠡᠭᠡ ᠠᠴᠠ ᠨᠢ ᠬᠤᠴᠤᠷᠭᠠᠯ ᠦᠭᠡᠢ᠂ ᠶᠡᠭᠡ ᠰᠤᠷᠭᠠᠭᠤᠯᠢ ᠳᠤ ᠤᠷᠤᠬᠤ ᠬᠦᠰᠡᠯ ᠵᠡᠬᠦᠳᠦ ᠶᠢ ᠨᠢ ᠪᠡᠶᠡᠯᠡᠬᠦᠯᠦᠨ | ᠦᠭᠴᠦ ᠪᠠᠶᠢᠨ᠎ᠠ᠃ | | ᠰᠤᠷᠤᠭᠴᠢ ᠶᠢᠨ ᠢᠷᠡᠯᠲᠡ ᠶᠢᠨ ᠭᠠᠵᠠᠷ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠪᠣᠯ ᠤᠯᠤᠰ ᠠᠴᠠ | ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠤᠶᠤᠲᠠᠳ ᠤᠨ ᠰᠤᠷᠤᠯᠭ᠎ᠠ ᠶᠢ ᠤᠷᠤᠭᠰᠢᠲᠠᠶ ᠪᠡᠶᠡᠯᠡᠭᠦᠯᠬᠦ ᠶᠢᠨ | ᠲᠥᠯᠥᠭᠡ ᠬᠡᠷᠡᠭᠵᠢᠭᠦᠯᠦᠭᠰᠡᠨ ᠨᠢᠭᠡ ᠵᠦᠢᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠪᠣᠯᠬᠤ | ᠪᠥᠭᠡᠳ ᠵᠢᠭᠡᠯᠡᠯᠭᠡ ᠵᠢᠭᠡᠯᠡᠭᠰᠡᠨ ᠰᠤᠷᠤᠭᠴᠢᠳ ᠤᠨ ᠰᠤᠷᠭᠠᠭᠤᠯᠢ ᠳᠤ ᠰᠤᠷᠤᠯᠴᠠᠵᠤ ᠪᠠᠶᠢᠭ᠎ᠠ ᠬᠤᠭᠤᠴᠠᠭᠠᠨ ᠳᠤ ᠪᠤᠶ | ᠪᠣᠯᠤᠭᠰᠠᠨ ᠬᠦᠦ ᠮᠥᠩᠭᠦ ᠶᠢ ᠴᠥᠮ ᠤᠯᠤᠰ ᠠᠴᠠ ᠡᠭᠦᠷᠭᠡᠯᠡᠨ᠎ᠡ᠃ ᠪᠦᠬᠦᠯᠢ ᠡᠳᠦᠷ ᠤᠨ ᠳᠦᠷᠢᠮᠲᠦ ᠡᠩ ᠤᠨ | ᠵᠢᠩᠬᠢᠨᠢ ᠠᠩᠭᠢ ᠲᠤᠰᠬᠠᠶ ᠮᠡᠷᠭᠡᠵᠢᠯ ᠤᠨ ᠠᠩᠭᠢ ᠶᠢᠨ ᠰᠤᠷᠤᠭᠴᠢᠳ ᠵᠢᠯ ᠪᠦᠷᠢ ᠬᠠᠮᠤᠭ ᠤᠨ ᠥᠨᠳᠥᠷ ᠲᠡᠭᠡᠨ | 16000 ᠲᠥᠭᠦᠷᠢᠭ᠂ ᠠᠰᠫᠢᠷᠠᠨᠲ 20000 ᠲᠥᠭᠦᠷᠢᠭ ᠵᠢᠭᠡᠯᠡᠭᠦᠯᠵᠦ ᠪᠣᠯᠤᠨ᠎ᠠ᠂ ᠬᠠᠮᠤᠭ ᠤᠨ ᠤᠷᠲᠤ ᠳᠠᠭᠠᠨ | ᠵᠢᠭᠡᠯᠡᠯᠭᠡ ᠶᠢᠨ ᠬᠤᠭᠤᠴᠠᠭ᠎ᠠ ᠨᠢ 22 ᠵᠢᠯ ᠪᠣᠯᠤᠨ᠎ᠠ᠃ 2024 ᠤᠨ ᠳᠤ᠂ ᠬᠤᠷᠴᠢᠨ ᠵᠡᠭᠦᠨ ᠭᠠᠷᠤᠨ ᠬᠤᠶᠢᠲᠤ | ᠬᠤᠰᠢᠭᠤ 4000 ᠭᠠᠷᠤᠶ ᠰᠤᠷᠤᠭᠴᠢᠳ ᠲᠤ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠥᠭᠴᠦ᠂ ᠶᠡᠷᠦᠩᠬᠡᠶ | ᠵᠣᠭᠤᠰ ᠤᠨ ᠲᠤᠭ᠎ᠠ ᠨᠢ 4400 ᠲᠦᠮᠡᠨ ᠲᠥᠭᠦᠷᠢᠭ ᠣᠷᠴᠢᠮ ᠪᠣᠯᠤᠨ᠎ᠠ᠃ | | ︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠲᠣᠪᠴᠢᠶ᠎ᠠ ᠰᠣᠷᠣᠭᠴᠢ ᠶᠢᠨ ᠢᠷᠡᠯᠲᠡ ᠶᠢᠨ ᠭᠠᠵᠠᠷ ᠤᠨ ᠢᠲᠡᠭᠡᠮᠵᠢᠲᠦ ᠰᠤᠷᠤᠯᠭ᠎ᠠ ᠶᠢᠨ ᠲᠡᠳᠬᠦᠮᠵᠢ ᠶᠢᠨ | ᠵᠢᠭᠡᠯᠡᠯᠭᠡ ᠶᠢ ᠰᠤᠷᠭᠠᠨ ᠬᠥᠮᠦᠵᠢᠯ ᠤᠨ ᠬᠦᠷᠢᠶᠡᠨ ᠳᠠᠬᠢ ᠨᠢᠭᠡᠨ ᠴᠢᠬᠤᠯᠠ ᠡᠭᠦᠷᠭᠡ ᠪᠣᠯᠭᠠᠨ ᠠᠳᠬᠤᠵᠤ᠂ | ᠰᠣᠷᠣᠭᠴᠢ ᠪᠠ ᠬᠡᠷ ᠤᠨ ᠠᠬᠠᠮᠠᠳ ᠲᠤ ᠨᠠᠩ ᠰᠢᠭᠤᠳ᠂ ᠨᠠᠩ ᠳᠥᠭᠦᠮ ᠳᠥᠲᠡ᠂ ᠨᠠᠩ ᠥᠨᠳᠥᠷ ᠪᠦᠲᠦᠮᠵᠢᠲᠡᠶ | ᠦᠢᠯᠡᠴᠢᠯᠡᠭᠡ ᠬᠠᠩᠭᠠᠵᠤ᠂ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠨᠥᠬᠦᠴᠡᠯ ᠳᠤ ᠨᠡᠶᠢᠴᠡᠬᠦ ᠡᠯ᠎ᠡ | ᠲᠥᠷᠥᠯ ᠤᠨ ᠶᠡᠭᠡ ᠳᠡᠭᠡᠳᠦ ᠰᠤᠷᠭᠠᠭᠤᠯᠢ ᠶᠢᠨ ᠶᠠᠳᠠᠭᠤ ᠬᠦᠴᠢᠷᠳᠡᠯᠲᠡᠶ ᠰᠤᠷᠤᠭᠴᠢᠳ ᠤᠨ ︿ᠵᠢᠭᠡᠯᠡᠭᠦᠯᠬᠦ ᠶᠣᠰᠣᠲᠠᠶ | ᠳᠤ ᠨᠢ ᠴᠥᠮ ᠵᠢᠭᠡᠯᠡᠭᠦᠯᠬᠦ﹀ ᠶᠢ ᠭᠦᠢᠴᠡᠳᠭᠡᠵᠦ᠂ ᠶᠡᠭᠡ ᠰᠤᠷᠭᠠᠭᠤᠯᠢ ᠳᠤ ᠤᠷᠤᠭᠰᠠᠨ ᠰᠤᠷᠤᠭᠴᠢᠳ ᠤᠨ | ᠬᠤᠶᠢᠰᠢᠳᠠ ᠶᠢᠨ ᠵᠣᠪᠠᠨᠢᠯ ᠢ ᠨᠢ ᠰᠢᠢᠳᠪᠦᠷᠢᠯᠡᠵᠤ ᠦᠭᠴᠦ ᠪᠠᠶᠢᠨ᠎ᠠ ᠃ | | ᠣᠶᠢᠯᠠᠭᠠᠭᠰᠠᠨ ᠢᠶᠠᠷ᠂ 2008 ᠤᠨ ᠳᠤ ᠰᠤᠷᠤᠭᠴᠢ ᠶᠢᠨ ᠢᠷᠡᠯᠲᠡ ᠶᠢᠨ ᠭᠠᠵᠠᠷ ᠤᠨ ᠰᠤᠷᠤᠯᠭ᠎ᠠ ᠶᠢᠨ | ᠲᠡᠳᠬᠦᠮᠵᠢ ᠶᠢᠨ ᠵᠢᠭᠡᠯᠡᠯᠭᠡ ᠶᠢᠨ ᠲᠥᠷᠦ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠰᠢ᠂ ᠮᠠᠨ ᠤ ᠬᠤᠰᠢᠭᠤ | ᠨᠢᠭᠡᠨᠲᠡ 20780 ᠨᠡᠷᠡᠰ ᠭᠡᠷ ᠪᠦᠯᠢ ᠬᠦᠴᠢᠷᠳᠡᠯᠲᠡᠶ ᠰᠢᠨ᠎ᠡ ᠤᠶᠤᠳᠠᠳ ᠲᠤ ᠰᠤᠷᠤᠭᠴᠢ ᠶᠢᠨ ᠢᠷᠡᠯᠲᠡ ᠶᠢᠨ | ᠭᠠᠵᠠᠷ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠠᠮᠵᠢᠯᠲᠠ ᠲᠠᠢ ᠭᠦᠢᠴᠡᠳᠭᠡᠨ ᠦᠭᠴᠦ᠂ ᠵᠢᠭᠡᠯᠡᠯᠭᠡ | ᠲᠠᠯᠪᠢᠭᠰᠠᠨ ᠵᠣᠭᠤᠰ ᠤᠨ ᠲᠤᠭ᠎ᠠ 3.9 ᠳ᠋ᠦᠩᠰᠢᠭᠤᠷ ᠲᠥᠭᠦᠷᠢᠭ ᠬᠦᠷᠦᠭᠰᠡᠨ ᠪᠠᠶᠢᠨ᠎ᠠ᠃ | |