ᠬᠤᠲᠠ ᠶᠢᠨ ᠲᠣᠭᠤᠷᠢᠭ ᠤᠨ ᠭᠠᠵᠠᠷ ᠳᠣᠣᠷᠠᠬᠢ ︽ᠤᠰᠤ ᠵᠠᠯᠠᠬᠤ ᠬᠤᠭᠤᠯᠠᠢ︾ ᠶᠢ ᠨᠡᠪᠲᠡᠷᠡᠭᠦᠯᠵᠦ᠂ | ᠬᠤᠲᠠ ᠶᠢᠨ ᠤᠰᠤ ᠵᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠬᠤᠲᠠ ᠶᠢᠨ ᠤᠰᠤᠲᠤᠯ ᠢ ᠪᠦᠲᠦᠮᠵᠢᠲᠡᠶ | ᠨᠠᠮᠳᠠᠭᠤᠯᠬᠤ ᠶᠢᠨ ᠲᠥᠯᠥᠭᠡ᠂ ᠵᠢᠯ ᠤᠨ ᠡᠬᠢᠨ ᠠᠴᠠ ᠨᠠᠰᠢ᠂ ᠮᠠᠨ ᠤ ᠬᠤᠰᠢᠭᠤ ᠰᠠᠯᠭᠠᠨ ᠥᠭᠡᠷᠡᠴᠢᠯᠡᠬᠦ᠂ | ᠬᠤᠭᠤᠯᠠᠶ ᠶᠢᠨ ᠲᠣᠤᠷ ᠢ ᠴᠡᠪᠡᠷᠯᠡᠬᠦ᠂ ᠬᠤᠭᠤᠯᠠᠢ ᠲᠣᠣᠷ ᠢ ᠰᠢᠨ᠎ᠡ ᠪᠠᠷ ᠪᠠᠶᠢᠭᠤᠯᠬᠤ ᠵᠡᠷᠭᠡ ᠠᠴᠠ ᠭᠠᠷᠳᠠᠵᠤ᠂ | ᠰᠢᠷᠢᠰ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠬᠤᠲᠠ ᠶᠢᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ︽ᠳᠤᠲᠠᠭᠤᠳᠠᠯ︾ ᠢ ᠬᠦᠴᠦᠯᠡᠨ ᠨᠥᠬᠦᠪᠥᠷᠢᠯᠡᠵᠦ᠂ | ᠬᠤᠭᠤᠯᠠᠶ ᠶᠢᠨ ᠤᠰᠤ ᠵᠠᠯᠠᠬᠤ ᠳᠠᠷᠤᠯᠲᠠ ᠶᠢ ᠨᠠᠮᠳᠠᠭᠤᠯᠵᠤ᠂ ᠵᠠᠮ ᠤᠨ ᠭᠠᠳᠠᠷᠭᠤ ᠳᠤ ᠤᠰᠤ ᠬᠤᠷᠠᠬᠤ | ᠠᠰᠠᠭᠤᠳᠠᠯ ᠢ ᠰᠢᠢᠳᠪᠦᠷᠢᠯᠡᠵᠦ ᠪᠠᠶᠢᠨ᠎ᠠ᠃ | | | ᠲᠣᠰ ᠲᠥᠷᠥᠯ ᠵᠦᠢᠯ ᠪᠣᠯ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠭᠠᠨᠵᠤᠭ᠎ᠠ ᠪᠠᠯᠭᠠᠰᠤᠨ ᠤ | ᠲᠡᠮᠦᠷ ᠵᠠᠮ ᠤᠨ ᠪᠠᠷᠠᠭᠤᠨᠳᠡᠬᠢ ᠵᠠᠮ ᠤᠨ ᠭᠠᠯᠲᠤ ᠲᠡᠷᠭᠡᠨ ᠤ ᠥᠷᠲᠡᠭᠡ ᠠᠴᠠ ᠴᠦᠩᠭᠦᠯ ᠵᠡᠭᠡᠯᠢ ᠶᠢᠨ ᠪᠣᠷᠣᠭᠠᠨ ᠤ | ᠤᠰᠤ ᠶᠢ ᠴᠡᠭᠴᠡᠯᠡᠨ ᠵᠠᠰᠠᠬᠤ ᠲᠥᠷᠥᠯ ᠵᠦᠢᠯ ᠪᠣᠯᠤᠨ᠎ᠠ᠂ ᠲᠥᠷᠥᠯ ᠵᠦᠢᠯ ᠤᠨ ᠪᠠᠷᠢᠯᠭ᠎ᠠ ᠶᠢᠨ ᠪᠣᠷᠣᠭᠠᠨ ᠤ | ᠤᠰᠤᠨ ᠤ ᠬᠤᠭᠤᠯᠠᠢ 3355 ᠮᠧᠲᠷ᠂ ᠡᠭᠦᠨ ᠳᠤ 840 ᠮᠧᠲᠷ ᠬᠤᠭᠤᠯᠠᠢ ᠰᠤᠪᠠᠭ ᠢ ᠴᠡᠪᠡᠷᠯᠡᠭᠰᠡᠨ ᠪᠠᠶᠢᠨ᠎ᠠ᠃ | DN600 ᠬᠤᠭᠤᠯᠠᠶ ᠶᠢ 1700 ᠮᠧᠲᠷ ᠪᠠᠶᠢᠭᠤᠯᠵᠤ᠂ DN1000 ᠬᠤᠭᠤᠯᠠᠶ ᠶᠢ 830 ᠮᠧᠲᠷ ᠰᠢᠨ᠎ᠡ ᠪᠠᠷ | ᠪᠠᠶᠢᠭᠤᠯᠵᠤ᠂ DN1200 ᠬᠤᠭᠤᠯᠠᠶ ᠶᠢ 270 ᠮᠧᠲᠷ ᠰᠢᠨ᠎ᠡ ᠪᠠᠷ ᠪᠠᠶᠢᠭᠤᠯᠵᠤ᠂ ᠲᠥᠷᠥᠯ ᠵᠦᠢᠯ ᠢ ᠣᠲᠣ | ᠨᠢᠭᠡᠨᠲᠡ 75% ᠶᠢ ᠪᠡᠶᠡᠯᠡᠭᠦᠯᠵᠦ᠂ ᠵᠢᠱᠢᠯᠲᠡ ᠪᠠᠷ 9 ᠰᠠᠷ᠎ᠠ ᠶᠢᠨ ᠰᠡᠭᠦᠯᠴᠢ ᠠᠴᠠ ᠡᠮᠦᠨ᠎ᠡ ᠪᠠᠷᠢᠵᠤ ᠳᠠᠭᠤᠰᠬᠠᠨ᠎ᠠ | ᠃ ᠠᠵᠢᠯ ᠳᠠᠭᠤᠰᠤᠭᠰᠠᠨ ᠤ ᠳᠠᠷᠠᠭ᠎ᠠ ᠲᠡᠮᠦᠷ ᠵᠠᠮ ᠤᠨ ᠪᠠᠷᠠᠭᠤᠨᠳᠠᠬᠢ ᠵᠠᠮ ᠤᠨ ᠤᠰᠤ ᠵᠠᠯᠠᠬᠤ ᠠᠰᠠᠭᠤᠳᠠᠯ ᠢ ᠶᠡᠭᠡ | ᠬᠡᠮᠵᠢᠶ᠎ᠡ ᠪᠠᠷ ᠨᠠᠮᠳᠠᠭᠠᠬᠤ ᠪᠣᠯᠣᠨ᠎ᠠ᠃ | ᠣᠶᠢᠯᠠᠭᠠᠭᠰᠠᠨ ᠢᠶᠠᠷ᠂ ᠬᠤᠲᠠ ᠶᠢᠨ ᠲᠣᠭᠤᠷᠢᠭ ᠤᠨ ᠬᠤᠭᠤᠯᠠᠶ ᠶᠢᠨ ᠤᠰᠤ ᠵᠠᠯᠠᠬᠤ ᠳᠠᠷᠤᠯᠲᠠ ᠶᠢ | ᠨᠠᠮᠳᠠᠭᠤᠯᠵᠤ᠂ ᠵᠠᠮ ᠳᠡᠭᠡᠷ᠎ᠡ ᠤᠰᠤ ᠬᠤᠷᠠᠬᠤ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠡᠨᠡ ᠵᠢᠯ ᠤᠨ 3 | ᠰᠠᠷ᠎ᠠ ᠳᠤ᠂ ᠮᠠᠨ ᠤ ᠬᠤᠰᠢᠭᠤ ᠭᠠᠨᠵᠤᠭ᠎ᠠ ᠪᠠᠯᠭᠠᠰᠤᠨ ᠤ ᠲᠡᠮᠦᠷ ᠵᠠᠮ ᠤᠨ ᠪᠠᠷᠠᠭᠤᠨᠳᠡᠬᠢ ᠵᠠᠮ ᠤᠨ ᠤᠰᠤ | ᠲᠠᠲᠠᠷᠠᠭᠤᠯᠬᠤ ᠶᠢ ᠴᠡᠭᠴᠡᠯᠡᠨ ᠵᠠᠰᠠᠬᠤ ᠢᠨᠵᠧᠨᠧᠷᠢᠩ ᠢ ᠡᠬᠢᠯᠡᠭᠦᠯᠵᠦ᠂ ᠬᠤᠲᠠ ᠶᠢᠨ ᠲᠣᠭᠤᠷᠢᠭ ᠤᠨ ᠭᠠᠯᠲᠤ | ᠲᠡᠷᠭᠡᠨ ᠤ ᠥᠷᠲᠡᠭᠡ᠂ ᠲᠡᠮᠦᠷ ᠵᠠᠮ ᠤᠨ ᠪᠠᠷᠠᠭᠤᠨᠳᠡᠬᠢ ᠵᠠᠮ᠂ ᠴᠦᠩᠭᠦᠯ ᠵᠡᠭᠡᠯᠢ ᠶᠢᠨ ᠵᠡᠭᠦᠨ ᠬᠡᠰᠡᠭ ᠵᠡᠷᠭᠡ ᠣᠷᠣᠨ | ᠪᠦᠰᠡ ᠶᠢᠨ ᠤᠰᠤ ᠲᠠᠲᠠᠷᠠᠭᠤᠯᠬᠤ ᠬᠤᠭᠤᠯᠠᠶ ᠶᠢᠨ ᠲᠣᠤᠷ ᠢ ᠥᠭᠡᠷᠡᠴᠢᠯᠡᠨ ᠪᠠᠶᠢᠭᠤᠯᠪᠠ᠃ ᠥᠭᠡᠷᠡᠴᠢᠯᠡᠨ | ᠪᠠᠶᠢᠭᠤᠯᠬᠤ ᠲᠥᠷᠥᠯ ᠵᠦᠢᠯ ᠳᠤ ᠪᠣᠷᠣᠭᠠᠨ ᠤ ᠤᠰᠤᠨ ᠤ ᠳᠠᠮᠵᠢᠭᠤᠯᠬᠤ ᠬᠤᠭᠤᠯᠠᠢ᠂ ᠪᠣᠷᠣᠭᠠᠨ ᠤ ᠤᠰᠤ ᠶᠢ | ᠪᠠᠶᠢᠴᠠᠭᠠᠬᠤ ᠬᠤᠳᠳᠤᠭ᠂ ᠪᠣᠷᠣᠭᠠᠨ ᠤ ᠤᠰᠤᠨ ᠤ ᠬᠤᠭᠤᠯᠠᠶ ᠶᠢ ᠨᠡᠪᠲᠡᠷᠡᠭᠦᠯᠦᠨ ᠰᠡᠯᠪᠢᠨ ᠵᠠᠰᠠᠬᠤ᠂ ᠪᠣᠷᠣᠭᠠᠨ ᠤ | ᠤᠰᠤ ᠪᠠ ᠪᠣᠬᠢᠷ ᠤᠰᠤ ᠬᠤᠯᠢᠯᠳᠤᠨ ᠤᠷᠤᠰᠬᠤ ᠭᠠᠵᠠᠷ ᠪᠠ ᠬᠤᠭᠤᠯᠠᠶ ᠶᠢᠨ ᠳᠤᠲᠠᠭᠳᠠᠯ ᠢ ᠵᠠᠰᠠᠨ ᠰᠡᠷᠭᠦᠭᠡᠬᠦ | ᠵᠡᠷᠭᠡ ᠪᠠᠭᠲᠠᠨ᠎ᠠ᠃ | ᠡᠭᠦᠨ ᠤ ᠬᠠᠮᠲᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠪᠠᠯᠠ ᠮᠥᠩᠭᠦ ᠶᠢ ᠢᠳᠡᠪᠬᠢᠲᠡᠶ ᠲᠡᠮᠡᠴᠡᠨ | ᠣᠯᠵᠤ᠂ ᠥᠭᠡᠷᠡᠴᠢᠯᠡᠯᠲᠡ ᠳᠤ ᠬᠤᠯᠪᠣᠭᠳᠠᠭᠰᠠᠨ ᠣᠷᠣᠨ ᠪᠦᠰᠡ ᠶᠢᠨ ᠵᠠᠮ ᠤᠨ ᠭᠡᠷᠡᠯᠲᠦᠭᠦᠯᠭᠡ᠂ ᠵᠠᠮ | ᠬᠠᠷᠢᠯᠴᠠᠭᠠᠨ ᠤ ᠲᠥᠬᠦᠭᠡᠷᠦᠮᠵᠢ᠂ ᠶᠠᠪᠠᠭᠠᠨ ᠬᠥᠮᠦᠨ ᠤ ᠵᠠᠮ᠂ ᠨᠣᠭᠤᠭᠠᠷᠠᠭᠤᠯᠤᠯᠲᠠ ᠭᠤᠶᠣ ᠰᠠᠶᠢᠬᠠᠨ ᠵᠡᠷᠭᠡ ᠶᠢ | ᠪᠥᠬᠦ ᠲᠠᠯ᠎ᠠ ᠪᠠᠷ ᠥᠭᠡᠷᠡᠴᠢᠯᠡᠨ ᠳᠡᠭᠡᠭᠰᠢᠯᠡᠭᠦᠯᠵᠦ᠂ ᠬᠤᠲᠠ ᠶᠢᠨ ᠰᠠᠭᠤᠷᠢ ᠲᠥᠬᠦᠭᠡᠷᠦᠮᠵᠢ ᠶᠢ ᠡᠳᠦᠷ ᠢᠷᠡᠬᠦᠶ᠎ᠡ | ᠲᠡᠭᠦᠯᠳᠡᠷᠵᠢᠭᠦᠯᠵᠦ᠂ ᠬᠤᠲᠠ ᠶᠢᠨ ᠴᠢᠳᠠᠮᠵᠢ ᠶᠢᠨ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠪᠡ᠃ | | 2024 ᠣᠨ ᠳᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠭᠤᠤᠯ ᠬᠤᠲᠠ ᠶᠢᠨ ᠲᠣᠭᠤᠷᠢᠭ ᠤᠨ ᠳᠥᠷᠪᠡᠨ ᠵᠠᠮ᠂ 3.36 ᠺᠢᠯᠤᠮᠧᠲᠷ ᠤᠨ | ᠲᠡᠮᠦᠷ ᠵᠠᠮ ᠤᠨ ᠪᠣᠷᠣᠭᠠᠨ ᠤ ᠤᠰᠤᠨ ᠤ ᠬᠤᠭᠤᠯᠠᠶ ᠶᠢ ᠰᠣᠯᠢᠵᠤ ᠳᠡᠭᠡᠭᠰᠢᠯᠡᠭᠦᠯᠬᠦ ᠪᠠ 15 ᠲᠦᠮᠡᠨ ᠲᠡᠭᠰᠢ | ᠳᠥᠷᠪᠡᠯᠵᠢᠨ ᠮᠧᠲᠷ ᠤᠨ ᠶᠠᠪᠠᠭᠠᠨ ᠬᠥᠮᠦᠨ ᠤ ᠵᠠᠮ ᠢ ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ ᠢ ᠪᠡᠶᠡᠯᠡᠭᠦᠯᠵᠦ᠂ | ᠣᠳᠣᠬᠠᠨ ᠳᠤ ᠪᠥᠸᠧ ᠸᠠᠩ ᠶᠡᠭᠡ ᠵᠡᠭᠡᠯᠢ ᠶᠢᠨ ᠵᠡᠭᠦᠨ ᠬᠡᠰᠡᠭ᠂ ᠪᠠᠶᠠᠨ ᠵᠠᠮ ᠤᠨ ᠡᠮᠦᠨ᠎ᠡ ᠬᠡᠰᠡᠭ ᠤᠨ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠢᠨᠵᠧᠨᠧᠷᠢᠩ᠂ ᠪᠥᠲᠥᠭᠡᠨ ᠪᠠᠶᠢᠭᠤᠯᠤᠯᠲᠠ ᠶᠢᠨ ᠵᠠᠮ ᠤᠨ ᠭᠠᠨᠵᠤᠭ᠎ᠠ | ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠡᠰᠡᠭ ᠢ ᠨᠢᠭᠡᠨᠲᠡ ᠪᠠᠷᠢᠵᠤ ᠳᠠᠭᠤᠰᠬᠠᠬᠤ ᠶᠢᠨ ᠬᠠᠮᠲᠤ ᠲᠡᠷᠭᠡ | ᠨᠡᠪᠲᠡᠷᠡᠭᠦᠯᠵᠦ᠂ ᠦᠯᠡᠳᠡᠭᠰᠡᠨ ᠨᠢᠭᠡ ᠬᠡᠰᠡᠭ ᠲᠡᠮᠦᠷ ᠵᠠᠮ ᠤᠨ ᠵᠡᠭᠦᠨ ᠬᠤᠶᠢᠲᠤ ᠶᠢᠨ ᠭᠤᠯᠳᠤᠩ ᠬᠦᠭᠦᠷᠭᠡ ᠠᠴᠠ | ᠭᠤᠷᠪᠠᠳᠤᠭᠠᠷ ᠳᠤᠮᠳᠠᠳᠤ ᠰᠤᠷᠭᠠᠭᠤᠯᠢ ᠬᠥᠷᠬᠦ ᠪᠠ ᠬᠤᠷᠴᠢᠨ ᠶᠡᠭᠡ ᠵᠡᠭᠡᠯᠢ ᠶᠢᠨ ᠪᠣᠷᠣᠭᠠᠨ ᠤ ᠤᠰᠤ | ᠭᠠᠳᠠᠭᠰᠢᠯᠠᠭᠤᠯᠬᠤ ᠵᠠᠮ ᠪᠠ ᠵᠠᠮ ᠤᠨ ᠪᠠᠷᠢᠯᠭ᠎ᠠ ᠶᠢ ᠤᠳᠠᠯ ᠥᠬᠡᠶ ᠡᠬᠢᠯᠡᠨ ᠪᠠᠶᠢᠭᠤᠯᠵᠤ᠂ 10 ᠰᠠᠷ᠎ᠠ ᠶᠢᠨ | ᠰᠡᠭᠦᠯᠴᠢ ᠪᠤᠯᠳᠠᠯ᠎ᠠ ᠪᠣᠷᠣᠭᠠᠨ ᠤ ᠤᠰᠤᠨ ᠤ ᠬᠤᠭᠤᠯᠠᠶ ᠪᠠ ᠵᠠᠮ ᠤᠨ ᠰᠠᠭᠤᠷᠢ ᠶᠢᠨ ᠪᠠᠷᠢᠯᠭ᠎ᠠ ᠶᠢ | ᠦᠨᠳᠦᠰᠦᠨ ᠳᠡᠭᠡᠨ ᠳᠠᠭᠤᠰᠬᠠᠵᠤ᠂ ᠥᠭᠡᠷᠡᠴᠢᠯᠡᠨ ᠪᠠᠶᠢᠭᠤᠯᠤᠭᠰᠠᠨ ᠲᠡᠮᠦᠷ ᠵᠠᠮ ᠤᠨ ᠪᠠᠷᠠᠭᠤᠨᠳᠠᠬᠢ ᠵᠠᠮ ᠤᠨ | ᠪᠣᠷᠣᠭᠠᠨ ᠤ ᠤᠰᠤᠨ ᠤ ᠬᠤᠭᠤᠯᠠᠶ ᠶᠢᠨ ᠪᠠᠷᠢᠯᠭ᠎ᠠ ᠶᠢ ᠣᠶᠢᠷ᠎ᠠ ᠶᠢᠨ ᠬᠤᠭᠤᠴᠠᠭᠠᠨ ᠳᠤ ᠳᠠᠭᠤᠰᠬᠠᠵᠤ᠂ ᠶᠠᠪᠠᠭᠠᠨ | ᠬᠥᠮᠦᠨ ᠤ ᠵᠠᠮ ᠲᠡᠪᠢᠰᠬᠦ ᠶᠢ 10 ᠰᠠᠷ᠎ᠠ ᠶᠢᠨ ᠳᠤᠮᠳᠠᠴᠢ ᠪᠠᠷ ᠪᠦᠬᠦᠨ ᠢ ᠳᠠᠭᠤᠰᠬᠠᠨ᠎ᠠ᠃ | ᠲᠠᠷᠠᠭᠠᠴᠢ ᠶᠢᠨ ᠠᠯᠬᠤᠮ ᠳᠤ ᠪᠠᠷᠢᠯᠭ᠎ᠠ ᠶᠢᠨ ᠶᠠᠰᠤ ᠴᠢᠨᠠᠷ ᠢ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ᠂ | ᠬᠥᠮᠦᠨ ᠪᠠ ᠲᠥᠬᠦᠭᠡᠷᠦᠮᠵᠢ ᠶᠢ ᠨᠡᠮᠡᠭᠳᠡᠭᠦᠯᠵᠦ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ | ᠰᠢᠨᠵᠢᠯᠡᠬᠦ ᠤᠬᠠᠭᠠᠨᠴᠢ ᠪᠠᠷ ᠪᠠᠷᠢᠯᠭ᠎ᠠ ᠪᠠᠷᠢᠵᠤ᠂ ᠲᠥᠷᠥᠯ ᠵᠦᠢᠯ ᠢ ᠡᠷᠲᠡᠬᠡᠨ ᠪᠠᠶᠢᠭᠤᠯᠤᠨ ᠡᠷᠲᠡᠬᠡᠨ ᠬᠡᠷᠡᠭᠯᠡᠬᠦ ᠶᠢ | ᠦᠨᠡᠨ ᠬᠦ ᠪᠠᠲᠤᠯᠠᠵᠤ᠂ ᠬᠤᠲᠠ ᠶᠢᠨ ᠠᠷᠠᠳ ᠤᠨ ᠬᠡᠪ ᠤᠨ ᠶᠣᠰᠣᠭᠠᠷ ᠶᠠᠪᠤᠵᠤ ᠰᠠᠭᠤᠬᠤ ᠶᠢ ᠪᠠᠲᠤᠯᠠᠨ᠎ᠠ᠃ | ᠡᠭᠦᠨ ᠤ ᠬᠠᠮᠲᠤ ᠭᠤᠣᠯ ᠬᠤᠲᠠ ᠲᠣᠭᠤᠷᠢᠭ ᠤᠨ ᠬᠤᠭᠤᠯᠠᠢ ᠲᠣᠣᠷ᠂ ᠪᠣᠷᠣᠭᠠᠨ ᠤ ᠤᠰᠤᠨ ᠤ ᠱᠦᠭᠦᠷ ᠵᠡᠷᠭᠡ ᠶᠢ | ᠲᠣᠭᠲᠠᠮᠠᠯ ᠬᠤᠭᠤᠴᠠᠭ᠎ᠠ ᠲᠠᠢ ᠪᠠᠷ ᠪᠦᠬᠦ ᠲᠠᠯ᠎ᠠ ᠪᠠᠷ ᠴᠡᠪᠡᠷᠯᠡᠬᠦ ᠶᠢᠨ ᠬᠠᠮᠲᠤ ᠪᠦᠬᠦ ᠵᠢᠯ ᠤᠨ ᠪᠦᠬᠦ ᠱᠤᠭᠤᠮ ᠢᠶᠠᠷ | ᠲᠣᠭᠤᠷᠢᠨ ᠪᠠᠶᠢᠴᠠᠭᠠᠬᠤ ᠶᠢ ᠪᠡᠶᠡᠯᠡᠭᠦᠯᠵᠦ᠂ ᠤᠰᠤ ᠲᠠᠲᠠᠷᠠᠭᠤᠯᠬᠤ ᠰᠢᠰᠲ᠋ᠧᠮ ᠤᠨ ᠰᠠᠭᠠᠳ ᠦᠭᠡᠢ ᠨᠡᠪᠲᠡᠷᠡᠬᠦ ᠶᠢ | ᠪᠦᠲᠦᠮᠵᠢᠲᠡᠢ ᠪᠠᠲᠤᠯᠠᠵᠤ᠂ ᠬᠤᠭᠤᠯᠠᠢ ᠲᠣᠣᠷ ᠤᠨ ᠪᠦᠭᠯᠡᠷᠡᠬᠦ᠂ ᠦᠶᠡᠷ ᠤᠰᠤᠲᠤᠯ ᠵᠡᠷᠭᠡ ᠠᠰᠠᠭᠤᠳᠠᠯ ᠢ ᠰᠠᠶᠢᠲᠤᠷ | ᠰᠢᠢᠳᠪᠦᠷᠢᠯᠡᠬᠦ ᠪᠣᠯᠤᠨ᠎ᠠ᠃ | |