ᠮᠠᠨ ᠤ ᠬᠤᠰᠢᠭᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2024/8/26
    ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠪᠠ᠃ ᠬᠤᠲᠠ ᠪᠠᠯᠭᠠᠰᠤᠨ ᠤ ᠲᠠᠩᠰᠠᠯᠠᠭᠤᠯᠤᠭᠰᠠᠨ ᠠᠵᠢᠯ ᠤᠯᠤᠭᠰᠠᠳ 467 ᠬᠥᠮᠦᠨ ᠰᠢᠨ᠎ᠡ  ᠨᠡᠮᠡᠭᠳᠡᠵᠦ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 3.68 % ᠬᠥᠷᠪᠡ᠃ 46929 ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠪᠠ᠃ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ︽ᠰᠤᠯᠡ ᠬᠦᠴᠦᠨ ᠤ ᠠᠵᠢᠯ ᠤᠨ ᠵᠠᠬ᠎ᠠ ᠳᠡᠯᠭᠡᠭᠦᠷ︾ ᠪᠠᠶᠢᠭᠤᠯᠵᠤ᠂ ᠬᠡᠷᠡᠭᠯᠡᠭᠴᠢ ᠶᠢᠨ ᠲᠤᠭ᠎ᠠ 2.3 ᠲᠦᠮᠡᠨ ᠬᠥᠮᠦᠨ ᠬᠥᠷᠪᠡ᠃    ᠰᠤᠷᠭᠠᠭᠤᠯᠢ ᠡᠷᠬᠢᠯᠡᠬᠦ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ᠃ ︽ᠰᠤᠷᠬᠤ ᠨᠠᠰᠤᠨ ᠠᠴᠠ ᠡᠮᠦᠨᠡᠬᠢ ᠭᠤᠷᠪᠠᠨ ᠬᠤᠭᠤᠴᠠᠭ᠎ᠠ︾ ᠶᠢᠨ  ᠪᠡᠯᠡ ᠮᠥᠩᠭᠦ ᠶᠢ 2784 ᠲᠦᠮᠡᠨ ᠲᠥᠭᠦᠷᠢᠭ  ᠣᠷᠣᠭᠤᠯᠵᠤ᠂ ᠣᠳᠣ ᠶᠢᠨ ᠪᠠᠶᠢᠭ᠎ᠠ ᠠᠯᠪᠠᠨ ᠠᠴᠠ ᠡᠷᠬᠢᠯᠡᠭᠰᠡᠨ 41 ᠬᠡᠦᠬᠡᠳ ᠤᠨ ᠴᠡᠴᠡᠷᠯᠢᠭ ᠢ ᠰᠡᠯᠪᠢᠨ ᠵᠠᠰᠠᠵᠤ ᠥᠭᠡᠷᠡᠴᠢᠯᠡᠬᠦ ᠵᠢᠴᠢ ᠲᠥᠬᠦᠭᠡᠷᠦᠮᠵᠢ ᠶᠢ ᠰᠢᠨᠡᠳᠬᠡᠪᠡ᠃ ᠰᠤᠷᠭᠠᠨ ᠬᠥᠮᠦᠵᠢᠯ ᠤᠨ ᠨᠡᠮᠡᠯᠲᠡ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢᠨ ᠪᠠᠲᠤᠯᠠᠭ᠎ᠠ ᠶᠢᠨ ᠪᠠᠯᠠ ᠮᠥᠩᠭᠦ ᠶᠢ 2518 ᠲᠦᠮᠡᠨ ᠲᠥᠭᠦᠷᠢᠭ ᠪᠡᠶᠡᠯᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ 34 ᠰᠤᠷᠭᠠᠭᠤᠯᠢ ᠶᠢ ᠥᠭᠡᠷᠡᠴᠢᠯᠡᠨ ᠳᠡᠭᠡᠭᠰᠢᠯᠡᠭᠦᠯᠬᠦ ︵ᠬᠠᠶᠢᠷ᠎ᠠ ᠬᠠᠯᠠᠮᠵᠢ ᠶᠢᠨ ᠢᠨᠵᠧᠨᠧᠷᠢᠩ᠂ ᠵᠣᠷᠯᠣᠩ ᠢ ᠥᠭᠡᠷᠡᠴᠢᠯᠡᠨ ᠰᠠᠶᠢᠵᠢᠷᠠᠭᠤᠯᠬᠤ︶ ᠲᠥᠷᠥᠯ ᠵᠦᠢᠯ ᠢ ᠬᠡᠷᠡᠭᠵᠢᠬᠦᠯᠪᠡ᠃     ᠡᠷᠡᠭᠦᠯ ᠡᠩᠬᠡ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠪᠠ᠃ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡᠨ ᠤ ᠠᠵᠢᠯ ᠤᠨ ᠴᠤᠪᠤᠷᠠᠯ ᠢ ᠵᠢᠷᠤᠮᠵᠢᠭᠤᠯᠵᠤ᠂ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠥᠮᠦᠰ ᠤᠨ ᠭᠡᠷ᠎ᠡ ᠲᠣᠭᠲᠠᠬᠤ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ 84.7% ᠬᠦᠷᠴᠦ᠂ ᠭᠤᠤᠯᠳᠠᠯᠭ᠎ᠠ ᠲᠠᠢ ᠬᠥᠮᠦᠰ ᠤᠨ ᠭᠡᠷ᠎ᠡ ᠲᠣᠭᠲᠠᠬᠤ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ 91.7% ᠬᠥᠷᠪᠡ︔ 1 ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ︽ᠴᠢᠨᠠᠷ ᠰᠠᠶᠢᠲᠠᠶ ᠦᠢᠯᠡᠴᠢᠯᠡᠭᠡᠨ ᠤ ᠦᠨᠳᠦᠰᠦᠨ ᠱᠠᠲᠤᠨ ᠤ ᠠᠶᠠᠯᠠᠯ︾ ᠤᠨ ᠲᠠᠨᠢᠯᠴᠠᠭᠤᠯᠬᠤ ᠪᠠᠷᠢᠮᠵᠢᠶ᠎ᠠ ᠳᠤ ᠬᠥᠷᠪᠡ᠃    ᠨᠡᠶᠢᠭᠡᠮ ᠤᠨ ᠪᠠᠲᠤᠯᠠᠪᠤᠷᠢ ᠶᠢᠨ ᠰᠢᠰᠲ᠋ᠧᠮ ᠢ ᠲᠡᠭᠦᠯᠳᠡᠷᠵᠢᠭᠦᠯᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ 96.68%᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ 96.42% ᠬᠦᠷᠴᠡᠶ᠃ ᠨᠡᠶᠢᠭᠡᠮ ᠲᠣᠭᠤᠷᠢᠭ ᠤᠨ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠡᠯᠡᠳᠭᠡᠮᠵᠢ ᠶᠢᠨ ᠪᠦᠲᠦᠭᠡᠨ ᠪᠠᠢᠭᠤᠯᠤᠯᠲᠠ ᠪᠣᠯᠤᠨ ᠨᠡᠢᠭᠡᠮ ᠲᠣᠭᠤᠷᠢᠭ ᠤᠨ ︽ᠨᠠᠰᠤᠳᠠᠶᠢᠴᠤᠳ ᠤᠨ ᠭᠡᠷ ᠪᠦᠯᠢ︾ ᠶᠢᠨ ᠪᠦᠲᠦᠭᠡᠨ ᠪᠠᠢᠭᠤᠯᠤᠯᠲᠠ ᠶᠢᠨ ᠲᠥᠷᠥᠯ ᠵᠦᠢᠯ ᠤᠨ ᠭᠠᠵᠠᠷ ᠰᠣᠩᠭᠤᠬᠤ ᠠᠵᠢᠯ ᠢ ᠲᠠᠭᠤᠰᠬᠠᠪᠠ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号