︽ᠬᠠᠤᠯᠢ ᠴᠠᠭᠠᠵᠠ ᠶᠢᠨ ᠲᠤᠰᠠᠯᠠᠮᠵᠢ + N︾ ᠵᠠᠭᠪᠤᠷ ᠨᠢ ᠬᠠᠤᠯᠢ ᠶᠢᠨ ᠲᠤᠰᠠᠯᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢ ᠦᠷᠭᠦᠯᠵᠢᠯᠡᠨ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2024/8/28
    ᠬᠤᠰᠢᠭᠤᠨ ᠤ ᠬᠠᠤᠯᠢ ᠴᠠᠭᠠᠵᠠ ᠶᠢᠨ ᠲᠤᠪᠴᠢᠶ᠎ᠠ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ᠂ ᠠᠵᠢᠯᠯᠠᠬᠤ ᠥᠷᠲᠡᠭᠡ᠂ ᠬᠠᠷᠢᠯᠴᠠᠬᠤ ᠭᠠᠵᠠᠷ ᠭᠤᠷᠪᠠᠨ ᠱᠠᠲᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠤ ᠲᠣᠤᠷ ᠰᠦᠯᠵᠢᠶ᠎ᠡ ᠶᠢ ᠪᠠᠶᠢᠭᠤᠯᠵᠤ᠂ ᠬᠠᠤᠯᠢ ᠴᠠᠭᠠᠵᠠ ᠶᠢᠨ ᠲᠤᠰᠠᠯᠠᠮᠵᠢ ᠶᠢ ᠭᠥᠯᠢᠶᠡᠨ ᠠᠪᠴᠤ ᠰᠢᠢᠳᠪᠦᠷᠢᠯᠡᠬᠦ ᠴᠣᠩᠬᠤᠪᠴᠢ ᠶᠢ ᠤᠷᠤᠭᠰᠢ ᠰᠢᠯᠵᠢᠭᠦᠯᠵᠦ᠂ ︽ᠬᠠᠭᠠᠰ ᠴᠠᠭ︾ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡ ᠶᠢ ᠨᠡᠭᠡᠭᠡᠪᠡ ᠃ ᠵᠢᠯ ᠤᠨ ᠡᠬᠢᠨ ᠠᠴᠠ ᠨᠠᠰᠢ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ 109 ᠬᠤᠪᠢ ᠬᠦᠯᠢᠶᠡᠨ ᠠᠪᠴᠤ ᠰᠢᠢᠳᠪᠦᠷᠢᠯᠡᠵᠦ᠂ ᠠᠵᠤ ᠠᠬᠤᠢ ᠶᠢᠨ ᠬᠤᠬᠢᠷᠠᠯ ᠢ 41.1 ᠲᠦᠮᠡᠨ ᠲᠥᠭᠦᠷᠢᠭ ᠡᠭᠡᠬᠦᠯᠪᠡ᠃ ︽ᠬᠠᠤᠯᠢ ᠴᠠᠭᠠᠵᠠ ᠶᠢᠨ ᠲᠤᠰᠠᠯᠠᠮᠵᠢ ᠪᠠᠷ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ︾  ᠪᠠ  ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠣᠷᠭᠠᠨᠢᠭ ᠢᠶᠠᠷ ᠤᠶᠠᠯᠳᠤᠭᠤᠯᠵᠤ᠂ ᠰᠤᠷᠭᠠᠭᠤᠯᠢ᠂ ᠨᠡᠶᠢᠭᠡᠮ ᠲᠣᠭᠤᠷᠢᠭ᠂ ᠬᠥᠳᠡᠭᠡ ᠲᠣᠰᠬᠤᠨ᠂ ᠠᠵᠤ ᠠᠬᠤᠶᠢᠯᠠᠯ ᠳᠤ ᠭᠦᠨᠵᠡᠭᠡᠶᠢᠷᠡᠨ ︽ᠬᠠᠤᠯᠢ ᠪᠠᠷ ᠲᠤᠰᠠᠯᠠᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ 8 ᠲᠠᠯᠠᠪᠠᠢ ᠤᠳᠠᠭ᠎ᠠ ᠥᠷᠨᠢᠭᠦᠯᠵᠦ᠂ 1200 ᠭᠠᠷᠤᠶ ᠬᠤᠪᠢ ᠤᠬᠠᠭᠤᠯᠭ᠎ᠠ ᠶᠢᠨ ᠳᠡᠪᠲᠡᠷ ᠲᠠᠷᠬᠠᠭᠠᠪᠠ᠃  ︽  ᠲᠤᠰᠠᠯᠠᠬᠤ ᠡᠶᠡᠳᠡᠭᠦᠯᠬᠦ ᠶᠢ ᠵᠣᠯᠭᠠᠭᠤᠯᠬᠤ︾ ᠲᠣᠭᠲᠠᠴᠠ ᠶᠢ ᠬᠡᠷᠡᠭᠵᠢᠭᠦᠯᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠡᠪᠰᠡᠭᠦᠯᠬᠦ᠂ ᠡᠶᠡᠳᠡᠭᠦᠯᠬᠦ ᠵᠡᠷᠭᠡ ᠵᠠᠷᠭᠤ ᠶᠢᠨ ᠪᠤᠰᠤ ᠠᠷᠭ᠎ᠠ ᠮᠠᠶ᠋ᠢᠭ ᠢᠶᠠᠷ ᠳᠠᠮᠵᠢᠭᠤᠯᠤᠨ ᠵᠥᠷᠢᠴᠡᠯ ᠵᠢᠭᠤᠷᠠᠯᠳᠤᠭᠠᠨ ᠢ ᠠᠷᠢᠯᠭᠠᠵᠤ᠂ ᠠᠰᠠᠭᠤᠳᠠᠯ ᠢ ᠲᠦᠷᠭᠡᠨ ᠰᠢᠢᠳᠪᠦᠷᠢᠯᠡᠬᠦ᠂ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠵᠣᠷᠢᠯᠭ᠎ᠠ ᠳᠤ ᠬᠦᠷᠭᠡᠪᠡ᠃ ᠣᠳᠣᠬᠠᠨ ᠪᠣᠯᠲᠠᠯ᠎ᠠ᠂  262 ᠬᠥᠮᠦᠨ ᠤᠳᠠᠭ᠎ᠠ ᠶᠢᠨ ᠬᠠᠤᠯᠢ ᠴᠠᠭᠠᠵᠠ ᠶᠢᠨ ᠵᠦᠪᠯᠡᠯᠭᠡ ᠬᠦᠰᠡᠭᠰᠡᠳ ᠳᠤ ᠬᠠᠷᠢᠭᠤᠯᠳᠠ ᠦᠭᠴᠦ ᠂  ᠲᠤᠰᠠᠯᠠᠬᠤ ᠪᠠᠶᠢᠴᠠᠭᠠᠬᠤ ᠶᠢ ᠵᠣᠯᠭᠠᠭᠤᠯᠬᠤ ᠪᠠᠷ ᠳᠠᠮᠵᠢᠭᠤᠯᠤᠨ 32 ᠬᠥᠯᠥᠰᠥᠨ ᠠᠵᠢᠯᠴᠢᠨ ᠤ ᠴᠠᠯᠢᠩ ᠨᠡᠬᠡᠬᠦ ᠵᠢᠭᠤᠷᠠᠯᠳᠤᠭᠠᠨ ᠢ ᠠᠮᠵᠢᠯᠲᠠ ᠲᠠᠢ ᠪᠠᠷ ᠰᠢᠢᠳᠪᠦᠷᠢᠯᠡᠵᠡᠶ᠃
我旗“法律援助+N”模式持续.jpg
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号