ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ︽ᠤᠳᠠᠰᠤ ᠪᠠᠷ ᠤᠴᠢᠷ ᠶᠠᠪᠤᠳᠠᠯ ᠭᠦᠢᠴᠡᠳᠭᠡᠬᠦ︾ ᠦᠢᠯᠡᠴᠢᠯᠡᠭᠡ ᠬᠦᠭᠵᠢᠶᠡᠨ ᠲᠠᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2024/8/28
    ᠣᠯᠠᠨ ᠲᠦᠮᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯ᠎ᠠ ᠪᠠᠷ ᠬᠢ ᠥᠨᠳᠥᠷ ᠪᠦᠲᠦᠮᠵᠢᠲᠡᠶ ᠳᠥᠭᠦᠮ ᠳᠥᠲᠡ ᠰᠢᠨ᠎ᠡ ᠬᠦᠰᠡᠯ ᠡᠷᠡᠮᠡᠯᠵᠡᠯ ᠢ ᠢᠳᠡᠪᠬᠢᠲᠡᠢ ᠳᠠᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠩᠭᠡᠷᠡᠯᠲᠡ ᠶᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ︽ᠤᠲᠠᠰᠤ ᠪᠠᠷ  ᠤᠴᠢᠷ ᠶᠠᠪᠤᠳᠠᠯ ᠭᠦᠢᠴᠡᠳᠬᠡᠬᠦ︾ ᠦᠢᠯᠡᠴᠢᠯᠡᠭᠡ ᠭᠠᠷᠭᠠᠵᠤ᠂ ᠤᠴᠢᠷ ᠶᠠᠪᠤᠳᠠᠯ ᠭᠦᠢᠴᠡᠳᠭᠡᠭᠴᠢ ︽ᠤᠲᠠᠰᠤ ᠪᠠᠷ ᠰᠢᠢᠳᠪᠦᠷᠢᠯᠡᠬᠦ︾ ᠦᠢᠯᠡᠴᠢᠯᠡᠭᠡ ᠪᠠᠷ ᠳᠠᠮᠵᠢᠭᠤᠯᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠰᠬᠠᠶ ᠲᠤᠰᠢᠶᠠᠯᠲᠠᠨ ᠳᠤ ᠨᠠᠶᠢᠳᠠᠨ ᠣᠷᠣᠯᠠᠨ ᠭᠦᠢᠴᠡᠳᠬᠡᠵᠦ᠂ ᠡᠨᠡ ᠬᠦ ᠰᠢᠨ᠎ᠡ ᠶᠢ ᠡᠭᠦᠳᠦᠭᠰᠡᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠵᠢᠯ ᠶᠠᠪᠤᠳᠠᠯ ᠭᠦᠢᠴᠡᠳᠬᠡᠬᠦ ᠳᠤ ︽ᠨᠢᠭᠤᠷ ᠦᠯᠦ ᠵᠤᠯᠭᠠᠬᠤ ︾ ᠶᠢ ᠪᠡᠶᠡᠯᠡᠭᠦᠯᠪᠡ᠃
  科左后旗:“电话办事”服务火热上线01.jpg  
   ᠡᠨᠡ ᠬᠦ ᠰᠢᠨ᠎ᠡ ᠶᠢ ᠡᠭᠦᠳᠬᠦ ᠦᠢᠯᠡᠴᠢᠯᠡᠭᠡᠨ ᠤ ᠵᠠᠭᠪᠤᠷ ᠨᠢ ᠣᠯᠠᠨ ᠲᠦᠮᠡᠨ ᠪᠠ ᠠᠵᠤ ᠠᠬᠤᠶᠢᠯᠠᠯ ᠤᠨ ᠴᠠᠭ ᠪᠠ ᠣᠶᠤᠨ ᠴᠢᠳᠠᠯ ᠢ ᠶᠡᠭᠡ ᠪᠠᠷ ᠠᠷᠪᠢᠯᠠᠬᠤ ᠶᠢᠨ ᠬᠠᠮᠲᠤ᠂ ︽ᠤᠲᠠᠰᠤ ᠪᠠᠷ ᠤᠴᠢᠷ ᠶᠠᠪᠤᠳᠠᠯ ᠭᠦᠢᠴᠡᠳᠭᠡᠬᠦ︾ ᠦᠢᠯᠡᠴᠢᠯᠡᠭᠡ ᠪᠠᠷ ᠳᠠᠮᠵᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠰᠬᠠᠶ ᠲᠤᠰᠢᠶᠠᠯᠲᠠᠨ ᠪᠠᠰᠠ ᠬᠤᠲᠠ ᠶᠢᠨ ᠠᠷᠠᠳ ᠪᠠ ᠠᠵᠤ ᠠᠬᠤᠶᠢᠯᠠᠯ ᠳᠤ ᠨᠠᠩ ᠲᠤᠰᠬᠠᠶ  ᠮᠡᠷᠭᠡᠵᠢᠯ ᠤᠨ᠂ ᠨᠠᠷᠢᠨ ᠨᠢᠮᠪᠠᠶ ᠦᠢᠯᠡᠴᠢᠯᠡᠭᠡ ᠬᠠᠩᠭᠠᠵᠤ᠂ ᠡᠯ᠎ᠡ ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠴᠠᠭ ᠲᠤᠬᠠᠶ ᠳᠤᠨᠢ᠂ ᠣᠨᠣᠪᠴᠢᠲᠠᠶ᠂ ᠥᠨᠳᠥᠷ ᠪᠦᠲᠦᠮᠵᠢᠲᠡᠶ  ᠰᠢᠢᠳᠪᠦᠷᠢᠯᠡᠬᠦ ᠶᠢ ᠦᠨᠡᠨ ᠬᠦ ᠪᠠᠲᠤᠯᠠᠪᠠ᠃     ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠬᠡᠷ ᠲᠤᠨᠢ ᠬᠦᠷᠴᠦ ᠭᠦᠢᠴᠡᠳᠭᠡᠬᠦ᠂ ᠣᠶᠢᠷ᠎ᠠ ᠬᠠᠪᠢ ᠳᠤᠨᠢ ᠭᠦᠢᠴᠡᠳᠭᠡᠬᠦ᠂ ᠥᠪᠡᠰᠦᠪᠡᠨ ᠭᠦᠢᠴᠡᠳᠭᠡᠬᠦ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠠᠷᠠᠳ ᠤᠨ ᠠᠮᠢᠳᠤᠷᠠᠯ ᠤᠨ ᠥᠨᠳᠥᠷ ᠳᠠᠪᠲᠠᠮᠵᠢᠲᠤ ᠵᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠠᠩᠬᠠᠨ ᠤ ᠪᠦᠯᠦᠭ ᠤᠨ ᠤᠲᠠᠰᠤ ᠪᠠᠷ ᠤᠴᠢᠷ ᠶᠠᠪᠤᠳᠠᠯ ᠭᠦᠢᠴᠡᠳᠭᠡᠬᠦ ᠶᠢ ᠨᠡᠶᠢᠲᠡ 12 ᠵᠦᠢᠯ ᠬᠡᠷᠡᠭᠵᠢᠬᠦᠯᠵᠦ᠂  ᠦᠢᠯᠡᠴᠢᠯᠡᠭᠡ ᠨᠢ ᠲᠤᠬᠠᠶᠢᠯᠠᠭᠰᠠᠨ ᠠᠵᠢᠯ ᠤᠨ ᠯᠠᠪᠯᠠᠭ᠎ᠠ᠂ ᠲᠠᠭᠯᠠᠨ ᠮᠡᠳᠡᠭᠦᠯᠬᠦ ᠵᠢᠯᠣᠭᠤᠳᠣᠯᠭ᠎ᠠ ᠵᠢᠴᠢ ᠮᠠᠲ᠋ᠧᠷᠢᠶᠠᠯ ᠪᠠ ᠭᠦᠢᠴᠡᠳᠭᠡᠬᠦ ᠦᠷ᠎ᠡ ᠳ᠋ᠦᠩ ᠢ ᠬᠤᠤᠰ ᠴᠢᠭᠯᠡᠯ ᠢᠶᠠᠷ ᠰᠢᠦᠳᠠᠨ ᠢᠶᠠᠷ ᠢᠯᠡᠭᠡᠬᠦ ᠶᠢ ᠬᠠᠮᠤᠷᠤᠭᠰᠠᠨ ᠨᠢᠭᠤᠷ ᠵᠣᠯᠭᠠᠬᠤ ᠥᠬᠡᠶ ᠪᠠᠷ ᠬᠢᠨᠠᠨ ᠵᠥᠪᠰᠢᠶᠡᠷᠡᠬᠦ ᠶᠢ ᠪᠡᠶᠡᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃
  科左后旗:“电话办事”服务火热上线02.jpg 
     ︽ᠤᠲᠠᠰᠤ ᠪᠠᠷ ᠤᠴᠢᠷ ᠶᠠᠪᠤᠳᠠᠯ ᠭᠦᠢᠴᠡᠳᠭᠡᠬᠦ︾ ᠦᠢᠯᠡᠴᠢᠯᠡᠭᠡ ᠶᠢ ᠬᠡᠷᠡᠭᠵᠢᠭᠦᠯᠦᠭᠰᠡᠨ ᠠᠴᠠ ᠨᠠᠰᠢ᠂ ᠥᠨᠳᠥᠷ ᠪᠦᠲᠦᠮᠵᠢᠲᠡᠶ᠂ ᠳᠥᠭᠦᠮ ᠳᠥᠲᠡ ᠣᠨᠴᠠᠯᠢᠭ ᠨᠢ ᠥᠷᠭᠡᠨ ᠣᠯᠠᠨ ᠬᠡᠷᠡᠭᠯᠡᠭᠴᠢ ᠶᠢᠨ ᠢᠲᠡᠭᠡᠯ ᠪᠠ ᠰᠠᠶᠢᠨ ᠦᠨᠡᠯᠡᠯᠲᠡ ᠶᠢ ᠣᠯᠵᠤ᠂ ᠣᠲᠣ ᠪᠣᠯᠲᠠᠯ᠎ᠠ ᠨᠢᠭᠡᠨᠲᠡ 100 ᠭᠠᠷᠤᠶ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠠᠮᠵᠢᠯᠲᠠ ᠲᠠᠢ ᠭᠦᠢᠴᠡᠳᠭᠡᠵᠦ᠂ ︽ᠲᠤᠭ᠎ᠠ ᠪᠠᠷᠢᠮᠲᠠ ᠶᠢ ᠢᠯᠡᠭᠦᠬᠡᠨ ᠬᠦᠳᠡᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠬᠦ︾ ᠬᠠᠷᠠᠯᠲᠠ ᠶᠢ ᠪᠡᠶᠡᠯᠡᠭᠦᠯᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号