1 - 7 ᠰᠠᠷ᠎ᠠ ᠳᠤ᠂ ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠦᠷᠳᠡᠭ ᠠᠳᠠᠯᠢ ᠬᠤᠭᠤᠴᠠᠭᠠᠨ ᠤ ᠬᠢ ᠠᠴᠠ 52.6% ᠪᠠᠷ ᠨᠡᠮᠡᠭᠳᠡᠵᠦ᠂ ᠪᠦᠬᠦ ᠬᠤᠳᠠ ᠶᠢᠨ ᠲᠡᠷᠢᠭᠦᠨ ᠳᠤ | ᠣᠷᠣᠵᠤ᠂ ᠳᠡᠭᠡᠷ᠎ᠡ ᠬᠠᠭᠠᠰ ᠵᠢᠯ ᠤᠨ ᠬᠢ ᠠᠴᠠ 7 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢᠯᠡᠳᠲᠡ ᠪᠣᠯᠵᠤ᠂ ᠬᠤᠶᠠᠳᠤᠭᠠᠷ ᠠᠵᠤ ᠦᠢᠯᠡᠰ | ᠦᠷᠭᠦᠯᠵᠢᠯᠡᠨ ᠬᠥᠭᠵᠢᠪᠡ᠃ 1 - 7 ᠰᠠᠷ᠎ᠠ ᠳᠤ᠂ ᠪᠥᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 255% ᠨᠡᠮᠡᠭᠳᠡᠵᠦ᠂ | ᠪᠥᠬᠦ ᠬᠤᠲᠠ ᠶᠢᠨ ᠲᠡᠷᠢᠭᠦᠨ ᠳᠤ ᠣᠷᠣᠪᠠ᠃ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠲᠣᠭᠲᠠᠭᠤᠨ ᠢᠶᠠᠷ | ᠨᠡᠮᠡᠭᠳᠡᠵᠦ᠂ ᠬᠡᠷᠡᠭᠯᠡᠭᠡᠨ ᠤ ᠬᠡᠷᠡᠭᠴᠡᠭᠡ ᠦᠷᠭᠦᠯᠵᠢᠯᠡᠨ ᠰᠡᠷᠭᠦᠪᠡ᠃ 1 - 7 ᠰᠠᠷ᠎ᠠ ᠳᠤ᠂ ᠪᠥᠬᠦ ᠬᠤᠰᠢᠭᠤᠨ ᠤ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ | ᠬᠤᠭᠤᠴᠠᠭᠠᠨ ᠤ ᠬᠢ ᠠᠴᠠ 21.9% ᠪᠠᠷ ᠨᠡᠮᠡᠭᠳᠡᠪᠡ᠃ ᠡᠭᠦᠨ ᠳᠤ᠂ ᠲᠠᠸᠠᠷ ᠤᠨ ᠵᠢᠵᠢᠭᠯᠡᠨ ᠬᠤᠳᠠᠯᠳᠤᠭᠰᠠᠨ | ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 28. 0 % ᠪᠠᠷ ᠨᠡᠮᠡᠭᠳᠡᠪᠡ᠃ ᠦᠢᠯᠡᠴᠢᠯᠡᠭᠡᠨ ᠤ ᠦᠢᠯᠡᠰ ᠤᠨ | ᠠᠵᠢᠯᠯᠠᠭᠠᠨ ᠲᠣᠭᠲᠠᠭᠤᠨ᠂ ᠣᠨᠴᠠ ᠵᠠᠷᠢᠮ ᠠᠵᠢᠯ ᠲᠥᠷᠥᠯ ᠤᠨ ᠨᠡᠮᠡᠭᠳᠡᠯ ᠢᠯᠡᠳᠳᠡ ᠃ 1 - 6 ᠳ᠋ᠤᠭᠠᠷ | ᠰᠠᠷ᠎ᠠ ᠳᠤ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ | ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 457.1 % ᠪᠠᠷ ᠨᠡᠮᠡᠭᠳᠡᠵᠦ᠂ | ᠡᠭᠦᠨ ᠳᠤ ᠠᠴᠢᠶᠠᠯᠠᠵᠤ ᠪᠠᠭᠤᠯᠭᠠᠬᠤ ᠵᠥᠭᠡᠭᠡᠪᠦᠷᠢᠯᠡᠬᠦ ᠪᠠ ᠬᠥᠮᠥᠷᠭᠡᠯᠡᠨ ᠬᠠᠳᠠᠭᠠᠯᠠᠬᠤ ᠦᠢᠯᠡᠰ ᠤᠨ | ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ 16 ᠳᠠᠬᠢᠨ ᠪᠤᠯᠪᠠ᠃ | |