ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ 2024 ᠣᠨ ᠤ 10 ᠳ᠋ᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/29
    8 ᠳ᠋ᠤᠭᠠᠷ ᠰᠠᠷ᠎ᠠ ᠶᠢᠨ 27 ᠤ ᠡᠳᠦᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ 2024 ᠣᠨ ᠤ 10 ᠳ᠋ᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠡᠷᠭᠢᠯᠡᠵᠦ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠲᠦᠩ ᠭᠦᠸᠧ ᠪᠢᠶᠤᠤ᠂ ᠯᠢ ᠶᠠᠨ ᠬᠤᠸᠠ᠂ ᠸᠠᠩ ᠶᠢᠨ ᠴᠢᠶᠠᠩ᠂ ᠰᠢᠶᠠᠩ ᠭᠦᠸᠧ ᠸᠧᠶ᠂ ᠯᠢ ᠸᠧᠶ ᠮᠢᠩ᠂ ᠲᠤᠤ ᠵᠧᠩ ᠯᠢᠶᠠᠩ᠂ ᠰᠦᠨ ᠵᠢᠶᠠᠨ ᠸᠧᠨ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠰᠢᠶᠤᠤ ᠶᠠᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠴᠢᠤᠸᠠᠨ ᠬᠤᠷᠠᠯ ᠳᠤ ᠰᠤᠯᠠ ᠣᠷᠣᠯᠴᠠᠵᠠᠶ᠃
  科左后旗人民政府召开2024年第10次.jpg 
    ᠬᠤᠷᠠᠯ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠬᠠᠤᠯᠢ︾ ᠶᠢ ᠰᠤᠷᠤᠯᠴᠠᠵᠤ᠂ ︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ︿ᠶᠢᠰᠦᠨ ᠪᠠᠭ᠎ᠠ ᠲᠠᠯᠠᠪᠤᠷ﹀ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠦᠴᠦᠨ ᠢ ᠡᠮᠬᠢᠯᠡᠨ ᠨᠡᠶᠢᠯᠡᠭᠦᠯᠵᠦ ᠠᠬᠢᠭᠤᠯᠬᠤ ᠠᠵᠢᠯ ᠤᠨ ᠲᠥᠰᠦᠯ︾᠂ ︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠵᠦ ᠠᠰᠢᠭᠯᠠᠬᠤ ᠲᠥᠯᠥᠪᠵᠢᠭᠦᠯᠭᠡ︾ ᠶᠢ ᠬᠢᠨᠠᠨ ᠵᠥᠪᠯᠡᠵᠦ᠂ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ᠂ ᠰᠤᠷᠭᠠᠨ ᠬᠥᠮᠦᠵᠢᠯ᠂ ᠵᠠᠮ ᠬᠠᠷᠢᠯᠴᠠᠭᠠᠨ ᠤ ᠬᠦᠷᠢᠶᠡᠨ ᠳᠠᠬᠢ ᠬᠠᠮᠢᠶ᠎ᠠ ᠪᠥᠬᠦᠶ ᠵᠦᠢᠯᠡᠰ ᠢ ᠰᠤᠳᠤᠯᠪᠠ᠃    ᠬᠤᠷᠠᠯ ᠠᠴᠠ ᠱᠠᠭᠠᠷᠳᠠᠭᠰᠠᠨ ᠨᠢ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠬᠠᠤᠯᠢ︾ ᠶᠢ ᠭᠦᠨᠵᠡᠭᠡᠶ ᠰᠤᠷᠤᠯᠴᠠᠵᠤ᠂ ᠬᠠᠤᠯᠢ ᠴᠠᠭᠠᠵᠠ ᠶᠢᠨ ᠵᠢᠷᠤᠮᠯᠠᠯ ᠢ ᠣᠨᠣᠪᠴᠢᠲᠠᠶ ᠡᠷᠢᠨ ᠣᠯᠵᠤ᠂ ᠤᠷᠤᠭᠰᠢᠯᠠᠯᠲᠠ ᠶᠢᠨ ᠪᠠᠶᠢᠷᠢᠰᠢᠯ ᠢᠶᠠᠨ ᠲᠣᠭᠲᠠᠭᠠᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ᠃ ︽ᠠᠷᠪᠢᠯᠠᠨ ᠭᠠᠮᠨᠠᠬᠤ ᠶᠢ ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ ᠪᠠᠷ ᠭᠤᠤᠯ ᠪᠣᠯᠭᠠᠬᠤ ᠂ ᠬᠥᠮᠦᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠬᠠᠮᠲᠤ ᠣᠷᠣᠰᠢᠬᠤ︾ ᠴᠢᠭᠯᠡᠯᠲᠡ ᠶᠣᠰᠣᠭᠠᠷ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠭᠤᠤᠯᠳᠠᠯᠭ᠎ᠠ ᠲᠠᠢ ᠢᠨᠵᠧᠨᠧᠷᠢᠩ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠨᠤᠲᠤᠭ ᠪᠡᠯᠴᠢᠭᠡᠷ ᠤᠨ ᠠᠮᠢ ᠠᠬᠤᠶ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠪᠠ ᠦᠷᠭᠦᠯᠵᠢᠯᠡᠬᠦ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠬᠦ ᠬᠡᠷᠡᠭᠲᠡᠶ᠃ ᠤᠰᠤ ᠲᠠᠲᠠᠷᠠᠭᠤᠯᠵᠤ ᠤᠰᠤᠲᠤᠯ ᠢ ᠰᠡᠷᠭᠡᠶᠢᠯᠡᠬᠦ ᠵᠢᠴᠢ ᠪᠠᠶᠢᠭᠠᠯᠢ ᠶᠢᠨ ᠰᠢᠲᠠᠮᠠᠬᠠᠢ ᠬᠡᠢ ᠶᠢᠨ ᠳᠠᠷᠤᠯᠲᠠ ᠶᠢᠨ ᠬᠤᠭᠤᠯᠠᠢ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠲᠦᠷᠭᠡᠳᠬᠡᠨ ᠪᠠᠶᠢᠭᠤᠯᠵᠤ᠂ ᠤᠰᠤ ᠰᠢᠲᠠᠮᠠᠬᠠᠢ ᠬᠡᠢ ᠶᠢᠨ ᠬᠠᠩᠭᠠᠯᠭ᠎ᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠬᠦᠴᠦᠲᠡᠢ ᠪᠠᠲᠤᠯᠠᠬᠤ ᠬᠡᠷᠡᠭᠲᠡᠢ ᠭᠡᠵᠡᠢ᠃    ᠬᠤᠷᠠᠯ ᠠᠴᠠ ᠪᠠᠰᠠ ᠪᠤᠰᠤᠳ ᠵᠦᠢᠯ ᠢ ᠶᠠᠷᠢᠯᠴᠠᠨ ᠰᠤᠳᠤᠯᠵᠠᠢ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号