ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠶᠢᠨ ᠪᠤᠤ ᠲᠦᠨ ᠪᠠᠯᠭᠠᠰᠤᠨ ᠤ ᠡᠷᠳᠡᠨ ᠤ ᠤᠩᠭᠤᠨ  ᠢ ᠮᠠᠯᠳᠠᠵᠥ ᠪᠠᠶᠢᠭ᠎ᠠ ᠠᠬᠢᠴᠠ ᠶᠢᠨ ᠪᠠᠶᠢᠳᠠᠯ ᠤᠨ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/8/30
   8 ᠰᠠᠷ᠎ᠠ ᠶᠢᠨ19 ᠤ ᠡᠳᠦᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠦᠩᠯᠢᠶᠤᠤ ᠬᠤᠳᠠ  ᠶᠢᠨ ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠶᠢᠨ ᠪᠤᠤ ᠲᠦᠨ ᠪᠠᠯᠭᠠᠰᠤᠨ ᠤ ᠵᠢᠷᠤᠬᠠᠢ ᠭᠠᠴᠠᠭ᠎ᠠ ᠶᠢᠨ ᠰᠢᠷᠡᠭᠡᠳᠦ ᠲᠤᠭᠤᠶᠢᠯᠠᠩ ᠤᠨ  ᠬᠢᠨᠢ ᠦᠶᠡᠷ ᠢ ᠰᠡᠷᠭᠡᠶᠢᠯᠡᠬᠦ  ᠠᠵᠢᠯ   ᠤᠨ   ᠶᠠᠪᠤᠴᠠ    ᠳᠠᠭᠠᠨ   ᠤᠩᠭᠤᠨ ᠮᠠᠶ᠋ᠢᠭ ᠤᠨ ᠪᠠᠭᠤᠷᠢ ᠶᠢ ᠢᠯᠡᠷᠡᠬᠦᠯᠪᠡ᠃᠂ ᠲᠡᠭᠡᠳᠦ ᠱᠠᠳᠤᠨ ᠳᠤ ᠮᠡᠳᠡᠬᠦᠯᠦᠭᠰᠡᠨ ᠤ ᠲᠠᠷᠠᠭ᠎ᠠ᠂ ᠦᠪᠦᠷ ᠮᠤᠩᠭᠤᠯ  ᠤᠨ ᠦᠪᠡᠷᠳᠡᠭᠡᠨ ᠵᠠᠰᠠᠬᠤ ᠤᠷᠤᠨ ᠤ ᠲᠡᠦᠬᠡ ᠶᠢᠨ ᠲᠤᠷᠠᠰᠬᠠᠯᠳᠦ ᠵᠦᠢᠯᠡᠰ ᠤᠨ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ᠂ ᠲᠦᠩᠯᠢᠶᠤᠤ ᠬᠤᠳᠠ ᠵᠢᠨ‌‍ᠲ᠋ᠡᠦᠬᠡ ᠶᠢᠨ   ᠲᠤᠷᠠᠰᠬᠠᠯᠳᠦ ᠵᠦᠢᠯᠡᠰ ᠤᠨ ᠲᠤᠪᠴᠢᠶ᠎ᠠ᠂  ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠲᠡᠦᠬᠡ ᠶᠢᠨ ᠲᠤᠷᠠᠰᠬᠠᠯᠳᠦ ᠵᠦᠢᠯᠡᠰ ᠤᠨ ᠰᠠᠯᠠᠭ᠎ᠠ ᠮᠦᠴᠢᠷ  ᠤᠨ ᠬᠢᠨ ᠬᠠᠮᠳᠤᠷᠠᠭᠰᠠᠨ ᠬᠠᠭᠤᠴᠢ ᠰᠤᠳᠤᠯᠤᠯ ᠤᠨ ᠠᠩᠬᠢ ᠪᠠᠶᠢᠭᠤᠯᠵᠥ᠂ ᠡᠨᠡᠬᠦ ᠤᠩᠭᠤᠨ ᠮᠠᠶ᠋ᠢᠭ ᠤᠨ ᠪᠠᠭᠤᠷᠢ  ᠶᠢ ᠠᠪᠤᠷᠠᠨ ᠬᠠᠮᠠᠭᠠᠯᠠᠬᠤ ᠴᠢᠨᠠᠷᠳᠠᠢ ᠮᠠᠯᠳᠠᠪᠠ᠃ 8 ᠰᠠᠷ᠎ᠠ ᠶᠢᠨ29 ᠤ ᠡᠳᠦᠷ ᠪᠤᠯᠳᠠᠯ᠎ᠠ᠂ ᠬᠠᠮᠳᠤᠷᠠᠭᠰᠠᠨ ᠬᠠᠭᠤᠴᠢ ᠰᠤᠳᠤᠯᠤᠯ ᠤᠨ ᠠᠩᠬᠢ ᠤᠨ ᠬᠢᠨ ᠤᠩᠭᠤᠨ ᠤ ᠨᠦᠭᠡ ᠵᠢᠴᠢ  ᠤᠩᠭᠤᠨ ᠤ ᠵᠠᠮ ᠢ ᠠᠩᠬ᠎ᠠ ᠠᠯᠬᠤᠮ ᠴᠡᠪᠡᠷᠯᠡᠵᠥ᠂ ᠡᠨᠡ ᠨᠢ ᠤᠩᠭᠤᠨ ᠤ ᠵᠠᠮ ᠲᠠᠢ ᠵᠢᠵᠢᠭ ᠬᠡᠯᠪᠡᠷᠢ ᠶᠢᠨ  ᠴᠢᠯᠠᠭᠤ ᠲᠤᠭᠤᠰᠬᠠᠨ ᠪᠦᠳᠦᠴᠡ ᠲᠠᠢ ᠤᠩᠭᠤᠨ ᠪᠤᠯᠬᠤ  ᠶᠢ ᠠᠩᠬ᠎ᠠ ᠠᠯᠬᠤᠮ ᠮᠠᠭᠠᠳᠯᠠᠪᠠ᠂ ᠤᠳᠤᠬᠠᠨ ᠳᠤ ᠬᠠᠭᠤᠴᠢ ᠰᠤᠳᠤᠯᠤᠯ ᠤᠨ ᠠᠵᠢᠯ ᠶᠠᠭ ᠡᠮᠬᠢ ᠵᠢᠷᠦᠮ ᠲᠠᠢ ᠶᠠᠪᠤᠬᠳᠠᠵᠥ ᠪᠤᠢ᠂ ᠦᠷᠭᠡᠨ ᠤᠯᠠᠨ ᠲᠦᠮᠡᠨ ᠠᠯᠪᠠᠨ ᠤ ᠲᠠᠯ᠎ᠠ ᠶᠢᠨ ᠵᠠᠷᠯᠠᠯ ᠢ ᠠᠩᠬᠠᠷᠴᠦ᠂ ᠴᠤᠤᠷᠬᠠᠯ  ᠢ    ᠲᠠᠮᠵᠢᠭᠤᠯᠬᠤ  ᠦᠬᠡᠢ᠂ ᠴᠤᠤᠷᠬᠠᠯ ᠢ ᠢᠳᠡᠭᠡᠬᠦ   ᠦᠬᠡᠢ    ᠪᠠᠶᠢᠬᠤ   ᠭᠡᠷᠡᠭᠳᠡᠢ᠃                     ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ                      ᠲᠡᠦᠬᠡ ᠶᠢᠨ ᠲᠤᠷᠠᠰᠬᠠᠯᠳᠤ ᠵᠦᠢᠯᠡᠰ ᠤᠨ ᠲᠤᠪᠴᠢᠶ᠎ᠠ                              2024 ᠤᠨ ᠤ8 ᠰᠠᠷ᠎ᠠ ᠶᠢᠨ29 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号