8 ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠶᠧ ᠴᠦᠨ ᠾᠧ ᠬᠤᠷᠠᠯ ᠳᠤ | ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ | ᠪᠠᠶᠢᠭᠤᠯᠬᠤ ᠬᠡᠯᠲᠡᠰ ᠤᠨ ᠳᠠᠷᠤᠭ᠎ᠠ ᠹᠠᠩ ᠾᠦᠢ ᠬᠤᠷᠠᠯ ᠡᠷᠭᠢᠯᠡᠵᠦ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠹᠧᠩ ᠭᠦᠸᠧ ᠹᠧᠩ ᠲᠤᠰᠢᠶᠠᠯ ᠳᠤ | ᠭᠠᠷᠬᠤ ᠠᠴᠠ ᠡᠮᠦᠨᠡᠬᠢ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠬᠠᠮᠲᠤ ᠶᠢᠨ ᠶᠠᠷᠢᠯᠴᠠᠭ᠎ᠠ ᠬᠢᠪᠡ᠃ | | ᠰᠢᠶᠧ ᠴᠦᠨ ᠾᠧ ᠬᠡᠯᠡᠬᠦ ᠳᠡᠭᠡᠨ᠂ ᠤᠳᠤᠷᠢᠳᠬᠤ ᠺᠠᠳ᠋ᠷᠴᠤᠳ ᠲᠤ ᠠᠪᠴᠤ ᠬᠡᠯᠡᠪᠡᠯ᠂ ᠰᠣᠳᠣᠨ | ᠪᠦᠲᠦᠭᠡᠯ ᠤᠨ ᠤᠬᠠᠮᠰᠠᠷ᠂ ᠲᠥᠪ ᠴᠢᠬᠡᠴᠢ ᠣᠪᠣᠷ ᠲᠥᠪ᠂ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ | ᠪᠠᠶᠢᠳᠠᠯ ᠪᠣᠯ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠶᠢᠨ ᠴᠢᠬᠤᠯᠠ ᠰᠠᠭᠤᠷᠢ ᠪᠠ ᠤᠷᠢᠲᠠᠯ ᠮᠥᠨ᠃ | ᠰᠢᠨ᠎ᠡ ᠪᠠᠷ ᠲᠤᠰᠢᠶᠠᠯ ᠡᠭᠦᠷᠭᠡᠯᠡᠭᠰᠡᠨ ᠤᠳᠤᠷᠢᠳᠬᠤ ᠺᠠᠳ᠋ᠷ ᠪᠣᠯᠤᠭᠰᠠᠨ ᠤ ᠬᠤᠪᠢ ᠳᠤ᠂ ᠡᠷᠬᠡᠪᠰᠢ ᠨᠠᠮ ᠪᠣᠯᠤᠨ | ᠠᠷᠠᠳ ᠲᠦᠮᠡᠨ ᠤ ᠲᠤᠰᠢᠶᠠᠭᠰᠠᠨ ᠲᠠᠷᠬᠠᠨ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠣᠷᠭᠢᠯᠤᠮ᠎ᠠ | ᠬᠠᠯᠠᠭᠤᠨ ᠰᠡᠳᠬᠢᠯᠭᠡ ᠪᠣᠯᠤᠨ ᠢᠳᠡᠪᠬᠢᠲᠡᠢ ᠣᠪᠣᠷ ᠢᠶᠠᠨ ᠢᠮᠠᠭᠲᠠ ᠪᠠᠷᠢᠮᠲᠠᠯᠠᠵᠤ᠂ ᠣᠷᠭᠢᠯᠤᠮ᠎ᠠ ᠬᠠᠯᠠᠭᠤᠨ | ᠰᠡᠳᠬᠢᠯᠭᠡ ᠪᠠᠷ ᠰᠢᠨ᠎ᠡ ᠠᠵᠢᠯ ᠤᠨ ᠪᠠᠶᠢᠷᠢ ᠶᠢᠨ ᠠᠵᠢᠯ ᠳᠤ ᠣᠷᠣᠯᠴᠠᠵᠤ᠂ ᠨᠠᠮ ᠤᠨ ᠲᠥᠯᠥᠭᠡ ᠨᠡᠩ ᠰᠠᠶᠢᠨ ᠢᠶᠠᠷ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠠᠳ ᠲᠦᠮᠡᠨ ᠤ ᠲᠥᠯᠥᠭᠡ ᠬᠠᠷᠢᠭᠤᠴᠠᠯᠭ᠎ᠠ ᠪᠠᠨ ᠭᠦᠢᠴᠡᠳᠬᠡᠬᠦ | ᠬᠡᠷᠡᠭᠲᠡᠢ᠃ ᠠᠵᠢᠯ ᠤᠨ ᠬᠡᠷᠡᠭᠵᠢᠭᠦᠯᠬᠦ ᠬᠦᠴᠦᠨ ᠢᠶᠠᠨ ᠴᠢᠩᠭᠠᠳᠬᠠᠵᠤ᠂ ᠬᠤᠭᠤᠰᠣᠨ ᠶᠠᠷᠢᠬᠤ ᠶᠢ ᠡᠰᠡᠷᠭᠦᠴᠡᠵᠦ᠂ | ᠪᠣᠳᠠᠲᠠᠢ ᠠᠵᠢᠯᠯᠠᠬᠤ ᠶᠢ ᠴᠢᠬᠤᠯᠠᠴᠢᠯᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠯ᠎ᠡ ᠵᠦᠢᠯ ᠤᠨ | ᠬᠦᠴᠢᠷ ᠪᠡᠷᠬᠡᠰᠢᠶᠡᠯ ᠨᠠᠷᠢᠨ ᠪᠤᠳᠤᠯᠢᠶᠠᠨᠲᠠᠢ ᠪᠠᠶᠢᠳᠠᠯ ᠪᠣᠯᠣᠨ ᠠᠶᠤᠯ ᠲᠦᠭᠰᠢᠭᠦᠷᠢ ᠥᠷᠢᠰᠥᠯᠳᠦᠭᠡᠨ ᠢ ᠬᠦᠴᠦᠲᠡᠢ | ᠠᠷᠭᠠᠴᠠᠭᠠᠵᠤ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ | ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ᠂ ᠬᠤᠰᠢᠭᠤᠨ ᠤ | ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠲᠦᠭᠡᠯᠴᠢ ᠪᠠᠷ | ᠠᠬᠢᠭᠤᠯᠬᠤ ᠬᠡᠷᠡᠭᠲᠡᠢ᠃ ᠶᠡᠭᠡ ᠲᠠᠯ᠎ᠠ ᠶᠢᠨ ᠦᠵᠡᠯᠲᠡ ᠪᠠᠨ ᠴᠢᠩᠭᠠᠳᠬᠠᠵᠤ᠂ ᠥᠪᠡᠷ ᠤᠨ ᠪᠡᠶ᠎ᠡ ᠪᠣᠯ ᠬᠤᠷᠴᠢᠨ | ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠣᠯᠠᠨ ᠤ ᠳᠣᠲᠣᠷᠠᠬᠢ ᠨᠢᠭᠡ ᠬᠤᠪᠢ ᠭᠡᠳᠡᠭ ᠢ ᠴᠠᠭ ᠢᠮᠠᠭᠲᠠ | ᠪᠠᠲᠤ ᠴᠡᠭᠡᠵᠢᠯᠡᠵᠦ᠂ ︽ᠨᠣᠶᠠᠨ ᠰᠠᠭᠤᠵᠤ᠂ ᠨᠢᠭᠡ ᠭᠠᠵᠠᠷ ᠪᠤᠶᠠᠨ ᠦᠢᠯᠡᠳᠬᠦ︾ ᠤᠯᠤᠰ ᠲᠥᠷᠥ ᠶᠢᠨ | ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠡᠭᠦᠷᠭᠡᠯᠡᠵᠦ᠂ ᠥᠪᠡᠷ ᠤᠨ ᠪᠡᠶ᠎ᠡ ᠪᠠᠷ ᠢᠶᠠᠨ ᠠᠷᠠᠳ ᠲᠦᠮᠡᠨ ᠳᠤ ᠵᠣᠯ | ᠵᠢᠷᠭᠠᠯ ᠣᠯᠭᠤᠵᠤ᠂ ᠬᠤᠶᠢᠲᠤ ᠬᠤᠰᠢᠭᠤᠨ ᠤ ᠬᠥᠭᠵᠢᠯᠲᠡ ᠶᠢ ᠡᠷᠢᠯᠬᠢᠯᠡᠵᠦ᠂ ᠨᠠᠮ ᠪᠠ ᠠᠷᠠᠳ ᠲᠦᠮᠡᠨ ᠳᠤ | ᠣᠰᠣᠯᠳᠠᠬᠤ ᠥᠬᠡᠶ ᠰᠢᠨ᠎ᠡ ᠠᠮᠵᠢᠯᠲᠠ ᠪᠦᠲᠦᠮᠵᠢ ᠶᠢ ᠲᠠᠰᠤᠷᠠᠯᠲᠠ ᠥᠬᠡᠶ ᠡᠭᠦᠳᠬᠦ ᠬᠡᠷᠡᠭᠲᠡᠶ ᠭᠡᠵᠡᠢ᠃ | ᠬᠤᠷᠠᠯ ᠤᠨ ᠳᠠᠷᠠᠭ᠎ᠠ᠂ ᠰᠢᠨ᠎ᠡ ᠪᠠᠷ ᠲᠤᠰᠢᠶᠠᠯ ᠡᠭᠦᠷᠭᠡᠯᠡᠭᠰᠡᠨ ᠤᠳᠤᠷᠢᠳᠬᠤ ᠺᠠᠳ᠋ᠷᠴᠤᠳ ᠲᠤ ᠤᠯᠤᠰ | ᠲᠥᠷᠥ ᠶᠢᠨ ᠣᠨᠣᠯ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢᠨ ᠰᠢᠯᠭᠠᠯᠲᠠ ᠬᠢᠪᠠ᠃ | | |