8 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠭᠦᠸᠧ ᠲᠢᠶᠠᠨ ᠪᠦᠦ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠪᠠ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ | ᠵᠥᠷᠢᠴᠡᠭᠰᠡᠨ ᠠᠰᠠᠭᠤᠳᠠᠯ ᠢ ᠴᠡᠭᠴᠡᠯᠡᠨ ᠵᠠᠰᠠᠬᠤ ᠶᠠᠪᠤᠳᠠᠯ ᠢ ᠰᠤᠳᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠬᠤᠰᠢᠭᠤᠨ ᠳᠡᠳ᠋ ᠳᠠᠷᠤᠭ᠎ᠠ ᠲᠦᠩ ᠭᠦᠸᠧ ᠪᠢᠶᠣᠤ ᠵᠢᠴᠢ ᠬᠤᠰᠢᠭᠤᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠶ ᠶᠢᠨ ᠣᠷᠴᠢᠨ | ᠲᠣᠭᠤᠷᠢᠨ ᠤ ᠬᠤᠪᠢᠶᠠᠷᠢ ᠲᠣᠪᠴᠢᠶ᠎ᠠ᠂ ᠰᠤᠨᠳᠤᠤ ᠰᠤᠮᠤ ᠵᠡᠷᠭᠡ ᠰᠠᠯᠠᠭ᠎ᠠ ᠮᠥᠴᠢᠷ ᠪᠠ ᠭᠠᠵᠠᠷ ᠣᠷᠣᠨ ᠤ ᠭᠤᠤᠯ | ᠬᠠᠷᠢᠭᠤᠴᠠᠯᠭᠠᠲᠠᠨ ᠣᠷᠣᠯᠴᠠᠵᠠᠶ᠃ | | ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠲᠡᠷᠡ ᠳᠠᠷᠤᠢ ᠳᠤᠨᠢ ᠠᠰᠠᠭᠤᠳᠠᠯ ᠤᠨ ᠬᠡᠷᠡᠭ ᠲᠤ ᠲᠤᠬᠠᠢ ᠶᠢᠨ ᠭᠠᠵᠠᠷ ᠤᠨ ᠬᠠᠶᠢᠨ ᠪᠠᠶᠢᠴᠠᠭᠠᠯᠲᠠ᠂ ᠬᠠᠷᠢᠭᠤᠯᠲᠠ | ᠪᠠ ᠬᠠᠷᠢᠭᠤᠯᠲᠠ ᠥᠭᠴᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠢᠮᠤᠷᠠᠯ ᠤᠨ ︽ᠡᠷᠪᠡᠬᠡᠢ ᠶᠢᠨ ᠦᠢᠯᠡᠳᠦᠯ︾ ᠤᠨ | ᠲᠠᠷᠬᠠᠯᠲᠠ ᠶᠢ ᠪᠦᠲᠦᠮᠵᠢᠲᠡᠢ ᠬᠤᠷᠢᠭᠯᠠᠬᠤ ᠬᠡᠷᠡᠭᠲᠡᠢ᠃ ᠬᠤᠶᠠᠷ ᠲᠤ᠂ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ | ᠦᠷ᠎ᠡ ᠪᠦᠲᠦᠮᠵᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠬᠡᠷᠡᠭ ᠢ ᠰᠢᠢᠳᠪᠦᠷᠢᠯᠡᠬᠦ | ᠠᠵᠢᠯ ᠢ ᠯᠠᠪᠳᠠᠭᠤᠨ ᠪᠥᠭᠡᠳ ᠡᠮᠬᠢ ᠵᠢᠷᠤᠮ ᠲᠠᠢ ᠠᠬᠢᠭᠤᠯᠬᠤ ᠬᠡᠷᠡᠭᠲᠡᠢ᠃ ᠭᠤᠷᠪᠠ ᠳᠤ᠂ ᠣᠷᠴᠢᠨ ᠲᠣᠭᠤᠷᠢᠨ ᠤ | ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ | ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠵᠡᠢ᠃ | |