8 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠶᠧ ᠴᠦᠨ ᠾᠧ ᠮᠤᠳᠤᠳᠤ | ᠰᠤᠮᠤ᠂ ᠠᠳᠤᠭᠤᠴᠢᠨ ᠰᠤᠮᠤ ᠳᠤ ᠭᠦᠨᠵᠡᠭᠡᠶᠢᠷᠡᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ | ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ | | ᠰᠢᠶᠧ ᠴᠦᠨ ᠾᠧ ᠵᠢᠭᠠᠵᠤ ᠭᠠᠷᠭᠠᠭᠰᠠᠨ ᠨᠢ᠂ ᠦᠷᠭᠦᠯᠵᠢᠯᠡᠨ ᠪᠣᠷᠣᠭᠠᠨ ᠤ ᠨᠥᠯᠥᠭᠡ ᠪᠠᠷ ᠮᠠᠨ ᠤ | ᠬᠤᠰᠢᠭᠤᠨ ᠤ ᠣᠯᠠᠨ ᠭᠠᠵᠠᠷ ᠲᠤ ᠳᠣᠲᠣᠭᠠᠳᠤ ᠤᠰᠤᠲᠤᠯ᠂ ᠲᠠᠷᠢᠶᠠᠨ ᠭᠠᠵᠠᠷ ᠤᠰᠤᠨ ᠳᠤ ᠠᠪᠲᠠᠭᠳᠠᠬᠤ ᠵᠡᠷᠭᠡ | ᠭᠠᠮᠰᠢᠭ ᠤᠨ ᠪᠠᠶᠢᠳᠠᠯ ᠢᠯᠡᠷᠡᠪᠡ᠃ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠦᠳᠲᠡᠷ | ᠲᠦᠷᠭᠡᠨ ᠬᠥᠳᠡᠯᠦᠯᠴᠡᠵᠦ᠂ ᠴᠠᠭ ᠲᠤᠬᠠᠶ ᠳᠤᠨᠢ ᠪᠠᠶᠢᠷᠢᠯᠠᠭᠤᠯᠵᠤ᠂ ᠥᠷᠭᠡᠨ ᠣᠯᠠᠨ ᠲᠦᠮᠡᠨ ᠢ ᠵᠣᠬᠢᠶᠠᠨ | ᠪᠠᠶᠢᠭᠤᠯᠤᠨ ᠳᠠᠶᠢᠴᠢᠯᠠᠵᠤ ᠪᠠᠶᠢᠭᠠᠳ ᠲᠠᠷᠢᠶᠠᠨ ᠭᠠᠵᠠᠷ ᠤᠨ ᠤᠰᠤᠲᠤᠯ ᠢ ᠵᠠᠯᠠᠬᠤ ᠠᠵᠢᠯ ᠢ ᠪᠦᠬᠦ | ᠬᠦᠴᠦᠨ ᠢᠶᠠᠷ ᠢᠶᠠᠨ ᠥᠷᠨᠢᠭᠦᠯᠵᠦ᠂ ᠣᠯᠠᠨ ᠲᠦᠮᠡᠨ ᠢ ᠵᠢᠯᠣᠭᠤᠳᠤᠨ ᠦᠢᠯᠡᠳᠪᠦᠷᠢᠯᠡᠯ ᠢᠶᠠᠷ ᠥᠪᠡᠷ ᠢ ᠪᠠᠨ | ᠠᠪᠤᠷᠠᠬᠤ ᠠᠵᠢᠯ ᠥᠷᠨᠢᠭᠦᠯᠵᠦ᠂ ᠭᠠᠮᠰᠢᠭ ᠤᠨ ᠲᠠᠷᠢᠶᠠᠯᠠᠩ ᠤᠨ ᠦᠢᠯᠡᠳᠪᠦᠷᠢᠯᠡᠯ ᠳᠤ ᠦᠵᠡᠭᠦᠯᠬᠦ ᠨᠥᠯᠥᠭᠡ ᠶᠢ | ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃ ᠡᠭᠦᠨ ᠤ ᠬᠠᠮᠲᠤ᠂ ᠪᠣᠷᠣᠭᠠᠨ ᠤ ᠪᠠᠶᠢᠳᠠᠯ ᠤᠨ | ᠬᠤᠪᠢᠷᠠᠯᠲᠠ ᠶᠢ ᠨᠢᠭᠲᠠ ᠠᠩᠬᠠᠷᠴᠤ᠂ ᠴᠠᠭ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ | ᠳᠡᠭᠡᠳᠦ ᠳᠤᠤᠷᠠᠳᠤ ᠤᠷᠤᠰᠬᠠᠯ ᠤᠨ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠲᠦᠭᠰᠢᠭᠦᠷᠢᠲᠦ ᠪᠠᠶᠢᠳᠠᠯ ᠢ | ᠣᠨᠣᠪᠴᠢᠲᠠᠶ ᠰᠤᠳᠤᠯᠤᠨ ᠮᠠᠭᠠᠳᠯᠠᠵᠤ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠤᠨ | ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠶ᠃ ᠳᠠᠭᠠᠭᠠᠴᠢᠯᠠᠨ ᠬᠤᠯᠪᠣᠭᠠᠯᠠᠬᠤ ᠰᠠᠯᠠᠭ᠎ᠠ ᠮᠥᠴᠢᠷ ᠪᠠ | ᠪᠠᠶᠢᠭᠤᠯᠭ᠎ᠠ ᠳᠤ ᠰᠠᠭᠤᠭ᠎ᠠ ᠨᠢᠭᠡᠴᠡ ᠶᠢᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠡᠯ᠎ᠡ ᠲᠠᠯ᠎ᠠ ᠶᠢᠨ | ᠬᠦᠴᠦᠨ ᠢ ᠵᠣᠬᠢᠶᠠᠨ ᠪᠠᠶᠢᠭᠤᠯᠤᠨ ᠦᠶᠡᠷ ᠢ ᠰᠡᠷᠭᠡᠶᠢᠯᠡᠵᠦ ᠦᠶᠡᠷ ᠢ ᠪᠡᠯᠡᠳᠬᠡᠬᠦ ᠪᠠ ᠦᠢᠯᠡᠳᠪᠦᠷᠢᠯᠡᠯ ᠢᠶᠠᠷ | ᠥᠪᠡᠷ ᠢ ᠪᠠᠨ ᠠᠪᠤᠷᠠᠬᠤ ᠠᠵᠢᠯ ᠳᠤ ᠢᠳᠡᠪᠬᠢᠲᠡᠢ ᠣᠷᠣᠯᠴᠠᠭᠤᠯᠵᠤ᠂ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ ᠭᠠᠮᠰᠢᠭ ᠤᠨ ᠪᠠᠶᠢᠳᠠᠯ ᠢ ᠡᠰᠡᠷᠭᠦᠴᠡᠬᠦ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠬᠦ | ᠬᠡᠷᠡᠭᠲᠡᠢ ᠭᠡᠵᠡᠢ᠃ | | |