ᠬᠥᠲᠥᠯᠦᠭᠴᠢ᠄ | ᠥᠨᠥᠳᠦᠷ ᠪᠢᠳᠡ ᠬᠤᠰᠢᠭᠤᠨ ᠤ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠣᠣ ᠯᠦᠩ ᠨᠥᠬᠦᠷ ᠢ ᠤᠷᠢᠵᠤ᠂ ᠤᠳᠤᠬᠠᠨ | ᠳᠤ ᠪᠥᠬᠦ ᠬᠤᠰᠢᠭᠤᠨ ᠤ ᠠᠷᠠᠳ ᠣᠯᠠᠨ ᠤ ᠠᠩᠬᠠᠷᠴᠤ ᠪᠠᠶᠢᠭ᠎ᠠ ᠠᠰᠠᠭᠤᠳᠠᠯ ᠪᠤᠯᠬᠤ ︽ ᠬᠠᠭᠤᠴᠢᠨᠮᠠᠰᠢᠨ | ᠲᠡᠷᠭᠡ ᠶᠢ ᠰᠢᠨ᠎ᠡ ᠪᠠᠷ ᠰᠣᠯᠢᠬᠤ︾ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠳᠤ ᠲᠠᠶᠢᠯᠤᠮᠵᠢ ᠬᠢᠯᠬᠡᠶᠡ᠃ | ᠬᠥᠲᠥᠯᠦᠭᠴᠢ᠄ | ᠬᠠᠭᠤᠴᠢᠨ ᠮᠠᠰᠢᠨ ᠲᠡᠷᠭᠡ ᠶᠢ ᠰᠢᠨ᠎ᠡ ᠪᠠᠷ ᠰᠣᠯᠢᠬᠤ ᠶᠢ ᠬᠡᠷᠡᠭᠵᠢᠭᠦᠯᠬᠦ ᠴᠠᠭ ᠪᠠ ᠨᠥᠬᠦᠪᠦᠷᠢ | ᠭᠤᠶᠤᠴᠢᠯᠠᠬᠤ ᠴᠠᠭ ᠨᠢ ᠬᠡᠵᠢᠶ᠎ᠡ ᠪᠣᠢ︖ | ᠵᠤᠤ ᠯᠦᠩ᠄ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠴᠠᠭ ᠨᠢ 2024 ᠣᠨ ᠤ 4 ᠰᠠᠷ᠎ᠠ ᠶᠢᠨ 24 ᠤ ᠡᠳᠦᠷ ᠠᠴᠠ | ᠡᠬᠢᠯᠡᠨ᠂ 2024 ᠣᠨ ᠤ 12 ᠰᠠᠷ᠎ᠠ ᠶᠢᠨ 31 ᠤ ᠡᠳᠦᠷ ᠤᠨ 24 ᠴᠠᠭ ᠪᠣᠯᠲᠠᠯ᠎ᠠ᠃ ᠨᠥᠬᠦᠪᠥᠷᠢ | ᠭᠤᠶᠤᠴᠢᠯᠠᠬᠤ ᠴᠠᠭ ᠨᠢ 2024 ᠣᠨ ᠤ 4 ᠰᠠᠷ᠎ᠠ ᠶᠢᠨ 24 ᠤ ᠡᠳᠦᠷ ᠠᠴᠠ ᠡᠬᠢᠯᠡᠨ᠂ 2025 ᠣᠨ ᠤ 1 | ᠰᠠᠷ᠎ᠠ ᠶᠢᠨ 10 ᠤ ᠡᠳᠦᠷ ᠤᠨ 24 ᠴᠠᠭ ᠪᠣᠯᠲᠠᠯ᠎ᠠ᠃ ᠬᠡᠷᠪᠡ ᠨᠥᠬᠦᠵᠦ ᠵᠠᠯᠠᠷᠠᠭᠤᠯᠬᠤ ᠴᠢᠬᠤᠯᠠᠲᠠᠢ ᠪᠣᠯ 2025 | ᠣᠨ ᠤ 1 ᠰᠠᠷ᠎ᠠ ᠶᠢᠨ 10 ᠤ ᠡᠳᠦᠷ ᠤᠨ 24 ᠴᠠᠭ ᠠᠴᠠ ᠡᠮᠦᠨ᠎ᠡ ᠳᠠᠭᠤᠰᠬᠠᠬᠤ ᠬᠡᠷᠡᠭᠲᠡᠢ᠃ ᠬᠤᠭᠤᠴᠠᠭ᠎ᠠ ᠨᠢ | ᠬᠡᠲᠦᠷᠡᠭᠡᠳ ᠨᠥᠬᠦᠪᠥᠷᠢ ᠭᠤᠶᠤᠴᠢᠯᠠᠬᠤ ᠭᠤᠶᠤᠴᠢᠯᠠᠯ ᠪᠤᠶᠤ ᠨᠥᠬᠦᠪᠥᠷᠢᠯᠡᠨ ᠵᠠᠯᠠᠷᠠᠭᠤᠯᠬᠤ ᠬᠠᠮᠢᠶ᠎ᠠ ᠪᠦᠬᠦᠢ | ᠭᠤᠶᠤᠴᠢᠯᠠᠯ ᠤᠨ ᠮᠡᠳᠡᠭᠡ ᠵᠠᠩᠭᠢ ᠪᠠᠨ ᠲᠤᠰᠢᠶᠠᠭᠰᠠᠨ ᠦᠭᠡᠶ ᠪᠣᠯ ᠨᠥᠬᠦᠪᠥᠷᠢ ᠥᠭᠬᠦ ᠦᠭᠡᠶ᠃ | ᠬᠥᠲᠥᠯᠦᠭᠴᠢ ᠄ | ᠬᠠᠭᠤᠴᠢᠨ ᠮᠠᠰᠢᠨ ᠲᠡᠷᠭᠡ ᠶᠢ ᠰᠢᠨ᠎ᠡ ᠪᠠᠷ ᠰᠣᠯᠢᠬᠤ ᠨᠥᠬᠦᠪᠥᠷᠢ ᠶᠢᠨ ᠬᠦᠷᠢᠶ᠎ᠡ ᠬᠡᠪᠴᠢᠶ᠎ᠡ ᠨᠢ ᠶᠠᠭᠤ ᠪᠣᠶ︖ | | ᠵᠤᠤ ᠯᠦᠩ᠄ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠤᠭᠤᠴᠠᠭᠠᠨ ᠳᠤ᠂ ᠬᠤᠪᠢ ᠬᠥᠮᠦᠨ ᠤ ᠬᠡᠷᠡᠭᠯᠡᠭᠴᠢᠳ | ᠡᠴᠠᠤᠯᠤᠰ ᠤᠨ ᠭᠤᠷᠪᠠᠳᠤᠭᠠᠷ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶᠠᠲᠤ | ᠰᠢᠲᠠᠭᠠᠯᠭ᠎ᠠ ᠶᠢᠨ ᠲᠣᠰᠣᠨ ᠤ ᠰᠠᠭᠤᠳᠠᠯ ᠤᠨ ᠮᠠᠰᠢᠨ ᠲᠡᠷᠭᠡ ᠶᠢ ᠭᠡᠷᠡᠭᠯᠡᠭᠡᠨ ᠠᠴᠠ ᠭᠠᠷᠭᠭᠠᠰᠠᠨ ᠡᠰᠡᠬᠦᠯ᠎ᠡ 2018 | ᠣᠨ ᠤ 4 ᠰᠠᠷ᠎ᠠ ᠶᠢᠨ 30 ᠤ ᠡᠳᠦᠷ ︵ᠲᠣᠰ ᠡᠳᠦᠷ ᠢ ᠪᠠᠭᠲᠠᠭᠠᠨ᠎ᠠ︶ ᠠᠴᠠ ᠡᠮᠦᠨ᠎ᠡ ᠬᠤᠳᠠᠯᠳᠤᠨ ᠠᠪᠴᠦ | ᠳᠠᠩᠰᠠᠯᠠᠭᠤᠯᠤᠭᠰᠠᠨ ᠰᠢᠨ᠎ᠡ ᠡᠨᠧᠷᠭᠢ ᠶᠢᠨ ᠰᠠᠭᠤᠳᠠᠯ ᠤᠨ ᠮᠠᠰᠢᠨ ᠲᠡᠷᠭᠡ ᠪᠤᠶᠤ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠶᠠᠮᠤᠨ ᠤ ︽ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢ ᠬᠠᠰᠤᠵᠤ ᠭᠡᠯᠳᠦᠷᠢᠬᠦᠯᠬᠦ ᠮᠠᠰᠢᠨ | ᠲᠡᠷᠭᠡᠨ ᠤ ᠬᠡᠯᠪᠡᠷᠢ ᠨᠡᠷᠡᠶᠢᠳᠦᠯ ᠤᠨ ᠵᠢᠬᠰᠠᠭᠠᠯ︾ ᠤᠨ ᠲᠤᠳᠤᠷᠠᠬᠢ ᠰᠢᠨ᠎ᠡ ᠡᠨᠧᠷᠭᠢ ᠶᠢᠨ ᠰᠠᠭᠤᠳᠠᠯ ᠤᠨ ᠮᠠᠰᠢᠨ | ᠲᠡᠷᠭᠡ ᠶᠢ ᠬᠤᠳᠠᠯᠳᠤᠨ ᠠᠪᠤᠬᠰᠠᠨ ᠡᠰᠡᠬᠦᠯ᠎ᠡ 2.0 ᠯᠢᠲᠷ ᠠᠴᠠ ᠲᠤᠷᠤᠬᠰᠢᠬᠢ ᠰᠢᠳᠠᠭᠠᠯᠭ᠎ᠠ ᠶᠢᠨ ᠲᠤᠰᠤᠨ ᠤ | ᠰᠠᠭᠤᠳᠠᠯ ᠤᠨ ᠰᠢᠨ᠎ᠡ ᠮᠠᠰᠢᠨ ᠲᠡᠷᠭᠡ ᠶᠢ ᠬᠤᠳᠠᠯᠳᠤᠨ ᠠᠪᠤᠭᠰᠠᠨ ᠤ ᠲᠠᠷᠠᠭ᠎ᠠ ᠲᠠᠩᠰᠠᠯᠠᠭᠤᠯᠵᠥ ᠲᠠᠭᠤᠰᠬᠠᠪᠠᠯ | ᠵᠤᠬᠢᠬᠤ ᠲᠤᠭ᠎ᠠ ᠶᠢᠨ ᠨᠦᠬᠦᠪᠦᠷᠢ ᠤᠯᠭᠤᠨ᠎ᠠ᠃ | ᠬᠥᠲᠥᠯᠦᠭᠴᠢ ᠄ | ᠬᠠᠭᠤᠴᠢᠨ ᠮᠠᠰᠢᠨ ᠲᠡᠷᠭᠡ ᠶᠢ ᠰᠢᠨ᠎ᠡ ᠪᠠᠷ ᠰᠤᠯᠢᠬᠤ ᠨᠦᠬᠦᠪᠦᠷᠢ ᠶᠢ ᠭᠤᠶᠤᠴᠢᠯᠠᠬᠤ ᠳᠤ ᠬᠠᠭᠤᠴᠢᠨ ᠰᠢᠨ᠎ᠡ | ᠮᠡᠰᠢᠨ ᠲᠡᠷᠭᠡᠨ ᠤ ᠡᠵᠡᠨ ᠨᠢ ᠢᠵᠢᠯᠢ ᠨᠢᠭᠡ ᠬᠥᠮᠥᠨ ᠪᠠᠶᠢᠬᠤ ᠬᠡᠷᠡᠭᠲᠡᠢ ᠦᠦ︖ | ᠵᠤᠤ ᠯᠦᠩ᠄ | ᠲᠡᠢᠮᠦ ᠡ᠃ ᠬᠡᠷᠡᠭᠯᠡᠭᠡᠨ ᠠᠴᠠ ᠭᠠᠷᠭᠠᠭᠰᠠᠨ ᠮᠠᠰᠢᠨᠲ᠋ᠡᠷᠭᠡ ᠪᠣᠯᠣᠨ ᠰᠢᠨ᠎ᠡ ᠪᠠᠷ ᠬᠤᠳᠠᠯᠳᠤᠨ ᠠᠪᠤᠭᠰᠠᠨ ᠮᠠᠰᠢᠨ | ᠲᠡᠷᠭᠡᠨ ᠤ ᠡᠵᠡᠨ ᠨᠢ ᠡᠷᠬᠡᠪᠰᠢ ᠨᠢᠭᠡ ᠬᠥᠮᠥᠨ ᠪᠠᠢᠬᠤ ᠬᠡᠷᠡᠭᠲᠡᠢ᠃ | ᠬᠥᠲᠥᠯᠦᠭᠴᠢ᠄ | ᠬᠠᠭᠤᠴᠢᠨ ᠮᠠᠰᠢᠨ ᠲᠡᠷᠭᠡ ᠶᠢ ᠰᠢᠨ᠎ᠡ ᠪᠠᠷ ᠰᠣᠯᠢᠬᠤ ᠨᠥᠬᠦᠪᠥᠷᠢ ᠶᠢᠨ ᠬᠦᠷᠢᠶ᠎ᠡ ᠬᠡᠪᠴᠢᠶ᠎ᠡ ᠳᠤ | ᠪᠠᠶᠢᠭᠤᠯᠤᠯᠭ᠎ᠠ ᠶᠢᠨ ᠮᠠᠰᠢᠨ ᠲᠡᠷᠭᠡ ᠶᠢ ᠪᠠᠭᠲᠠᠭᠠᠨ᠎ᠠ ᠤᠤ︖ | ᠵᠤᠤ ᠯᠦᠩ᠄ | ᠪᠠᠶᠢᠭᠤᠯᠭ᠎ᠠ ᠨᠢᠬᠡᠴᠢ ᠶᠢᠨ ᠮᠠᠰᠢᠨ ᠲᠡᠷᠭᠡ ᠶᠢ ᠪᠠᠭᠲᠠᠭᠠᠬᠤ ᠦᠭᠡᠢ᠂ ᠲᠣᠰ ᠤᠳᠠᠭᠠᠨ ᠤ ᠨᠥᠬᠦᠪᠥᠷᠢ ᠨᠢ | ᠵᠥᠪᠬᠡᠨ ᠬᠤᠪᠢ ᠬᠥᠮᠦᠨ ᠤ ᠬᠡᠷᠡᠭᠯᠡᠭᠡ ᠳᠤ ᠴᠢᠭᠯᠡᠭᠦᠯᠦᠭᠰᠡᠨ ᠪᠠᠶᠢᠨ᠎ᠠ᠃ | ᠬᠥᠲᠥᠯᠦᠭᠴᠢ᠄ | ᠬᠠᠭᠤᠴᠢᠨ ᠮᠠᠰᠢᠨ ᠲᠡᠷᠭᠡ ᠶᠢ ᠰᠢᠨ᠎ᠡ ᠪᠠᠷ ᠰᠣᠯᠢᠬᠤ ᠨᠥᠬᠦᠪᠥᠷᠢ ᠶᠢᠨ ᠬᠦᠷᠢᠶ᠎ᠡ ᠬᠡᠪᠴᠢᠶ᠎ᠡ ᠳᠤ | ᠬᠤᠳᠠᠯᠳᠤᠭᠠᠨ ᠤ ᠲᠡᠷᠭᠡ ᠪᠠᠭᠲᠠᠨ᠎ᠠ ᠤᠤ︖ | ᠵᠤᠤ ᠯᠦᠩ | ᠬᠤᠳᠠᠯᠳᠤᠭᠠᠨ ᠤ ᠲᠡᠷᠭᠡ ᠶᠢ ᠪᠠᠭᠲᠠᠭᠠᠬᠤ ᠦᠭᠡᠢ᠂ ᠲᠣᠰ ᠤᠳᠠᠭᠠᠨ ᠤ ᠨᠥᠬᠦᠪᠥᠷᠢ ᠨᠢ ᠵᠥᠪᠬᠡᠨ ᠰᠠᠭᠤᠳᠠᠯ | ᠤᠨ ᠮᠠᠰᠢᠨ ᠳᠤ ᠭᠡᠷᠡᠭᠯᠡᠨ᠎ᠡ ᠃ | ᠬᠥᠲᠥᠯᠦᠭᠴᠢ᠄ | ᠬᠠᠭᠤᠴᠢᠨ ᠮᠠᠰᠢᠨ ᠲᠡᠷᠭᠡ ᠶᠢ ᠰᠢᠨ᠎ᠡ ᠪᠠᠷ ᠰᠣᠯᠢᠬᠤ ᠨᠥᠬᠦᠪᠥᠷᠢ ᠶᠢᠨ ᠪᠠᠷᠢᠮᠵᠢᠶ᠎ᠠ ᠨᠢ ᠶᠠᠭᠤ ᠪᠤᠢ︖ | ᠵᠤᠤ ᠯᠦᠩ᠄ | ᠭᠡᠷᠡᠭᠯᠡᠭᠡ ᠠᠴᠠ ᠭᠠᠷᠭᠠᠭᠰᠠᠨ ᠤᠯᠤᠰ ᠤᠨ ᠭᠤᠷᠪᠠᠳᠤᠭᠠᠷ ᠵᠢᠴᠢ ᠲᠡᠬᠦᠨ ᠠᠴᠠ ᠳᠣᠷᠣᠭᠰᠢᠬᠢ | ᠭᠠᠳᠠᠭᠰᠢᠯᠠᠭᠤᠯᠬᠤ ᠪᠠᠷᠢᠮᠵᠢᠶᠠᠲᠤ ᠰᠢᠲᠠᠭᠠᠯᠭ᠎ᠠ ᠶᠢᠨ ᠲᠣᠰᠣᠨ ᠤ ᠰᠠᠭᠤᠳᠠᠯ ᠤᠨ ᠮᠠᠰᠢᠨ ᠲᠡᠷᠭᠡ ᠡᠰᠡᠬᠦᠯ᠎ᠡ 2018 | ᠣᠨ ᠤ 4 ᠰᠠᠷ᠎ᠠ ᠶᠢᠨ 30 ᠤ ᠡᠳᠦᠷ ︵ᠲᠣᠰ ᠡᠳᠦᠷ ᠢ ᠪᠠᠭᠲᠠᠭᠠᠨ᠎ᠠ︶ ᠠᠴᠠ ᠡᠮᠦᠨ᠎ᠡ ᠬᠤᠳᠠᠯᠳᠤᠨ ᠠᠪᠴᠦ | ᠳᠠᠩᠰᠠᠯᠠᠭᠤᠯᠤᠭᠰᠠᠨ ᠰᠢᠨ᠎ᠡ ᠡᠨᠧᠷᠭᠢ ᠶᠢᠨ ᠰᠠᠭᠤᠳᠠᠯ ᠤᠨ ᠮᠠᠰᠢᠨ ᠲᠡᠷᠭᠡ ᠪᠤᠶᠤ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠶᠠᠮᠤᠨ ᠤ ︽ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢ ᠬᠠᠰᠤᠵᠤ ᠭᠡᠯᠳᠦᠷᠢᠬᠦᠯᠬᠦ ᠮᠠᠰᠢᠨ | ᠲᠡᠷᠭᠡᠨ ᠤ ᠬᠡᠯᠪᠡᠷᠢ ᠨᠡᠷᠡᠶᠢᠳᠦᠯ ᠤᠨ ᠵᠢᠬᠰᠠᠭᠠᠯ︾ ᠤᠨ ᠲᠤᠳᠤᠷᠠᠬᠢ ᠰᠢᠨ᠎ᠡ ᠡᠨᠧᠷᠭᠢ ᠶᠢᠨ ᠰᠠᠭᠤᠳᠠᠯ ᠤᠨ ᠮᠠᠰᠢᠨ | ᠲᠡᠷᠭᠡ ᠶᠢ ᠬᠤᠳᠠᠯᠳᠤᠨ ᠠᠪᠤᠬᠰᠠᠨ ᠪᠠᠶᠢᠪᠠᠯ 1.2 ᠲᠦᠮᠡᠨ ᠲᠥᠭᠦᠷᠢᠭ ᠤᠨ ᠨᠥᠬᠦᠪᠥᠷᠢ ᠥᠭᠭᠦᠨ᠎ᠡ᠃ ᠭᠡᠷᠡᠭᠯᠡᠭᠡ | ᠠᠴᠠ ᠭᠠᠷᠭᠠᠭᠰᠠᠨ ᠤᠯᠤᠰ ᠤᠨ ᠭᠤᠷᠪᠠᠳᠤᠭᠠᠷ ᠵᠢᠴᠢ ᠲᠡᠬᠦᠨ ᠠᠴᠠ ᠳᠣᠷᠣᠭᠰᠢᠬᠢ ᠭᠠᠳᠠᠭᠰᠢᠯᠠᠭᠤᠯᠬᠤ | ᠪᠠᠷᠢᠮᠵᠢᠶᠠᠲᠤ ᠰᠢᠲᠠᠭᠠᠯᠭ᠎ᠠ ᠶᠢᠨ ᠲᠣᠰᠣᠨ ᠤ ᠰᠠᠭᠤᠳᠠᠯ ᠤᠨ ᠮᠠᠰᠢᠨ ᠲᠡᠷᠭᠡ ᠡᠰᠡᠬᠦᠯ᠎ᠡ 2.0 ᠯᠢᠲᠷ ᠠᠴᠠ | ᠲᠤᠷᠤᠬᠰᠢᠬᠢ ᠰᠢᠳᠠᠭᠠᠯᠭ᠎ᠠ ᠶᠢᠨ ᠲᠤᠰᠤᠨ ᠤ ᠰᠠᠭᠤᠳᠠᠯ ᠤᠨ ᠰᠢᠨ᠎ᠡ ᠮᠠᠰᠢᠨ ᠲᠡᠷᠭᠡ ᠶᠢ ᠬᠤᠳᠠᠯᠳᠤᠨ ᠠᠪᠤᠭᠰᠠᠨ | ᠪᠠᠶᠢᠪᠠᠯ 9000 ᠲᠦᠭᠦᠷᠢᠭ ᠤᠨ ᠨᠦᠬᠦᠪᠦᠷᠢ ᠤᠯᠭᠤᠨ᠎ᠠ᠃ | ᠬᠥᠲᠥᠯᠦᠭᠴᠢ᠄ | ᠨᠥᠬᠦᠪᠥᠷᠢ ᠶᠢᠨ ᠪᠡᠯᠡ ᠮᠥᠩᠭᠦ ᠶᠢ ᠭᠤᠶᠤᠴᠢᠯᠠᠬᠤ ᠳᠤ ᠶᠠᠮᠠᠷ ᠱᠠᠭᠠᠷᠳᠠᠯᠭ᠎ᠠ ᠪᠠᠶᠢᠬᠤ ᠪᠤᠢ︖ | ᠵᠤᠤ ᠯᠦᠩ᠄ | ᠨᠥᠬᠦᠪᠥᠷᠢ ᠭᠤᠶᠤᠴᠢᠯᠠᠭᠴᠢ ᠶᠢ ᠬᠤᠪᠢ ᠬᠥᠮᠥᠨ ᠤ ᠬᠡᠷᠡᠭᠯᠡᠭᠴᠢ ᠪᠠᠶᠢᠬᠤ ᠭᠡᠷᠡᠭᠳᠡᠢ᠃ | ᠭᠤᠶᠤᠴᠢᠯᠠᠭᠴᠢ ᠠᠴᠠ ᠬᠤᠪᠢ ᠬᠥᠮᠦᠨ ᠤ ᠨᠡᠷ᠎ᠡ ᠲᠤᠤᠷᠠᠬᠢ ᠬᠠᠭᠤᠴᠢᠨ ᠮᠠᠰᠢᠨ ᠲᠡᠷᠭᠡ ᠶᠢ ᠭᠡᠷᠡᠭᠯᠡᠭᠡ ᠠᠴᠠ | ᠭᠠᠷᠠᠭᠭᠠᠰᠠᠨ ᠪᠤᠶᠤ ᠲᠤᠬᠳᠠᠭᠰᠠᠨ ᠴᠠᠭ ᠤᠨ ᠲᠤᠳᠤᠷ᠎ᠠ ︽ᠭᠡᠷᠡᠭᠯᠡᠭᠡ ᠠᠴᠠ ᠭᠠᠷᠭᠠᠭᠰᠠᠨ ᠮᠠᠰᠢᠨ ᠲᠡᠷᠭᠡ ᠶᠢ | ᠬᠤᠷᠢᠶᠠᠨ ᠠᠪᠤᠭᠰᠠᠨ ᠭᠡᠷᠡᠴᠢ︾ ᠶᠢ ᠣᠯᠤᠭᠰᠠᠨ ᠪᠠᠶᠢᠬᠤ ᠬᠡᠷᠡᠭᠲᠡᠢ︔ | ᠭᠤᠶᠤᠴᠢᠯᠠᠭᠴᠢ ᠶᠢᠨ ᠬᠤᠪᠢ ᠬᠥᠮᠦᠨ ᠤ ᠨᠡᠷ᠎ᠡ ᠳᠣᠤᠷᠠᠬᠢ ᠬᠠᠭᠤᠴᠢᠨ ᠮᠠᠰᠢᠨ ᠲᠡᠷᠭᠡ ᠶᠢ ᠬᠦᠴᠦᠨ ᠥᠬᠡᠶ | ᠪᠣᠯᠭᠠᠬᠤ ᠶᠢᠨ ᠬᠠᠮᠲᠤ ᠲᠣᠭᠲᠠᠭᠰᠠᠨ ᠴᠠᠭ ᠤᠨ ᠳᠣᠲᠣᠷ᠎ᠠ ︽ ᠮᠠᠰᠢᠨ ᠲᠡᠷᠭᠡ ᠶᠢ ᠬᠦᠴᠦᠨ ᠥᠬᠡᠶ ᠪᠣᠯᠭᠠᠭᠰᠠᠨ | ᠭᠡᠷᠡᠴᠢ︾ ᠶᠢ ᠣᠯᠤᠭᠰᠠᠨ ᠪᠠᠶᠢᠬᠤ ᠬᠡᠷᠡᠭᠲᠡᠶ︔ | ᠭᠤᠶᠤᠴᠢᠯᠠᠭᠴᠢ ᠠᠴᠠ ᠰᠢᠨ᠎ᠡ ᠮᠠᠰᠢᠨ ᠲᠡᠷᠭᠡ ᠬᠤᠳᠠᠯᠳᠤᠨ ᠠᠪᠬᠤ ᠶᠢᠨ ᠬᠠᠮᠲᠤ ᠲᠣᠭᠲᠠᠭᠰᠠᠨ ᠴᠠᠭ ᠤᠨ | ᠳᠣᠲᠣᠷ᠎ᠠ ︽ ᠮᠠᠰᠢᠨ ᠲᠡᠷᠭᠡ ᠪᠤᠷᠤᠯᠠᠭᠤᠯᠤᠬᠰᠠᠨ ᠨᠢᠭᠡᠳᠦᠯᠲᠡᠶ ᠪᠠᠷᠢᠮᠲᠠ︾ ᠶᠢ ᠣᠯᠤᠭᠰᠠᠨ ᠪᠠᠶᠢᠬᠤ ᠬᠡᠷᠡᠭᠲᠡᠶ︔ | ᠭᠤᠶᠤᠴᠢᠯᠠᠭᠴᠢ ᠠᠴᠠ ᠳᠠᠩᠰᠠᠯᠠᠭᠤᠯᠬᠤ ᠭᠠᠷᠳᠠᠮ ᠭᠦᠢᠴᠡᠳᠬᠡᠬᠦ ᠶᠢᠨ ᠬᠠᠮᠲᠤ ᠲᠣᠭᠲᠠᠭᠰᠠᠨ ᠴᠠᠭ ᠤᠨ ᠳᠣᠲᠣᠷ᠎ᠠ | ︽ ᠮᠠᠰᠢᠨ ᠲᠡᠷᠭᠡᠨ ᠤ ᠳᠠᠩᠰᠠᠯᠠᠭᠤᠯᠤᠭᠰᠠᠨ ᠦᠨᠡᠮᠯᠡᠯ︾ ᠪᠠ ︽ ᠮᠠᠰᠢᠨᠲ᠋ᠡᠷᠭᠡᠨ ᠤ ᠵᠠᠮ ᠳᠤ ᠭᠠᠷᠬᠤ ᠦᠨᠡᠮᠯᠡᠯ︾ | ᠤᠯᠤᠬᠠᠰᠠᠨ ᠪᠠᠶᠢᠬᠤ ᠭᠡᠷᠡᠭᠳᠡᠢ︔ | ᠳᠡᠭᠡᠷ᠎ᠡ ᠳᠤᠷᠠᠳᠤᠭᠰᠠᠨ ︽ᠬᠡᠷᠡᠭᠯᠡᠭᠡᠨ ᠠᠴᠠ ᠭᠠᠷᠭᠠᠭᠰᠠᠨ ᠮᠠᠰᠢᠨ ᠲᠡᠷᠭᠡ ᠶᠢ ᠬᠤᠷᠢᠶᠠᠨ ᠠᠪᠤᠭᠰᠠᠨ ᠭᠡᠷᠡᠴᠢ︾᠂ | ︽ ᠮᠠᠰᠢᠨ ᠲᠡᠷᠭᠡ ᠶᠢ ᠪᠣᠷᠣᠯᠠᠭᠤᠯᠤᠭᠰᠠᠨ ᠨᠢᠭᠡᠳᠦᠯᠲᠡᠶ ᠪᠠᠷᠢᠮᠲᠠ︾᠂ ︽ᠮᠠᠰᠢᠨ ᠲᠡᠷᠭᠡ ᠶᠢ ᠲᠠᠩᠰᠠᠯᠠᠭᠤᠯᠤᠬᠰᠠᠨ | ᠭᠡᠷᠡᠴᠢ︾ ᠶᠢ 2024 ᠣᠨ ᠤ 4 ᠰᠠᠷ᠎ᠠ ᠶᠢᠨ 24 ᠤ ᠡᠳᠦᠷ ᠠᠴᠠ 2024 ᠣᠨ ᠤ 12 ᠰᠠᠷ᠎ᠠ ᠶᠢᠨ 31 ᠤ | ᠡᠳᠦᠷ ᠪᠣᠯᠲᠠᠯᠠᠬᠢ ᠬᠤᠭᠤᠴᠠᠭᠠᠨ ᠳᠤ ᠬᠢᠵᠦ ᠳᠠᠭᠤᠰᠬᠠᠬᠤ ᠬᠡᠷᠡᠭᠲᠡᠶ᠃ | ᠬᠥᠲᠥᠯᠦᠭᠴᠢ ᠄ | ᠶᠠᠮᠠᠷ ᠠᠷᠭ᠎ᠠ ᠵᠠᠮ ᠢᠶᠠᠷ ᠨᠥᠬᠦᠪᠥᠷᠢ ᠭᠤᠶᠤᠴᠢᠯᠠᠬᠤ ᠪᠤᠢ︖ | ᠵᠤᠤ ᠯᠦᠩ᠄ | ᠨᠥᠬᠦᠪᠥᠷᠢ ᠲᠤᠰᠢᠶᠠᠬᠤ ᠭᠤᠶᠤᠴᠢᠯᠠᠯ ᠢ ᠰᠦᠯᠵᠢᠶᠡᠨ ᠳᠡᠭᠡᠷ᠎ᠡ ᠬᠦᠢᠴᠡᠳᠭᠡᠬᠦ ᠠᠷᠭ᠎ᠠ ᠮᠠᠶ᠋ᠢᠭ ᠢ ᠬᠡᠷᠡᠭᠯᠡᠵᠦ | ᠂ ᠭᠤᠤᠯ ᠠᠷᠭ᠎ᠠ ᠵᠠᠮ ᠨᠢ ᠬᠤᠶᠠᠷ ᠪᠠᠶᠢᠨ᠎ᠠ᠄ | ᠭᠠᠷ ᠤᠲᠠᠰᠤᠨ ᠤ ᡁᠢ ᠹᠦ᠋ ᠪᠤᠤ᠂ ᠳ᠋ᠸᠦ ᠶᠢᠨ᠂ ᠸᠢᠴᠠᠲ᠂ ᠶᠦᠨᠱᠠᠨ ᠹᠦ᠋ ᠲᠠᠪᠴᠠᠩ ᠤᠨ ᠲᠦᠷᠦᠭᠦᠦ ᠨᠢᠭᠤᠷ | ᠤᠨ ︽ ᠬᠠᠭᠤᠴᠢᠨ ᠮᠠᠰᠢᠨ ᠲᠡᠷᠭᠡ ᠶᠢ ᠰᠢᠨ᠎ᠡ ᠪᠠᠷ ᠰᠤᠯᠢᠬᠤ︾ ᠬᠤᠶᠠᠷ ᠬᠡᠮᠵᠢᠯᠲᠦ ᠺᠣᠳ᠋ ᠢ ᠰᠢᠭᠤᠳ ᠰᠢᠷᠪᠢᠵᠦ | ᠪᠣᠯᠤᠨ᠎ᠠ᠂ ᠲᠠᠬᠢᠨ ᠭᠤᠶᠤᠴᠢᠯᠠᠯ ᠤᠨ ᠨᠢᠭᠤᠷ ᠲᠤ ᠣᠷᠣᠵᠤ᠂ ᠭᠤᠶᠤᠴᠢᠯᠠᠯ ᠤᠨ ᠮᠡᠳᠡᠭᠡ ᠵᠠᠩᠭᠢ ᠶᠢ ᠲᠠᠭᠯᠠᠨ | ᠪᠢᠴᠢᠬᠦ ᠶᠢᠨ ᠬᠠᠮᠲᠤ ᠬᠡᠷᠡᠭᠰᠡᠬᠦ ᠳᠠᠭᠠᠯᠳᠤᠭᠤᠯᠤᠯ ᠢ ᠲᠠᠬᠯᠠᠵᠥ ᠲᠠᠮᠵᠢᠭᠤᠯᠤᠨ᠎ᠠ ᠃ | ᠺᠣᠮᠫᠢᠦ᠋ᠲ᠋ᠧᠷ ᠲᠤ ︽ᠪᠦᠬᠦ ᠤᠯᠤᠰ ᠤᠨ ᠮᠠᠰᠢᠨ ᠲᠡᠷᠭᠡᠨ ᠤ ᠭᠦᠢᠯᠭᠡᠭᠡᠨ ᠤ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠰᠢᠰᠲ᠋ᠧᠮ ᠤᠨ ᠰᠦᠯᠵᠢᠶ᠎ᠡ ︵https: / / qclt.mofcov.cn︶ ᠳᠤ ᠤᠷᠤᠵᠥ᠂ ︽ | ᠬᠠᠭᠤᠴᠢᠨ ᠮᠠᠰᠢᠨ ᠲᠡᠷᠭᠡ ᠶᠢ ᠰᠢᠨ᠎ᠡ ᠪᠠᠷ ᠰᠣᠯᠢᠬᠤ︾ ᠲᠤᠰᠭᠠᠢ ᠰᠡᠳᠦᠪ ᠢ ᠲᠤᠪᠴᠢᠳᠠᠵᠥ᠂ ᠲᠠᠬᠢᠨ | ᠭᠤᠶᠤᠴᠢᠯᠠᠬᠤ ᠨᠢᠭᠤᠷ ᠲᠤ ᠣᠷᠣᠵᠤ᠂ ᠭᠤᠶᠤᠴᠢᠯᠠᠯ ᠤᠨ ᠮᠡᠳᠡᠭᠡ ᠵᠠᠩᠭᠢ ᠶᠢ ᠲᠠᠭᠯᠠᠨ ᠪᠢᠴᠢᠬᠦ ᠶᠢᠨ ᠬᠠᠮᠲᠤ | ᠬᠡᠷᠡᠭᠰᠡᠬᠦ ᠳᠠᠭᠠᠯᠳᠤᠭᠤᠯᠤᠯ ᠢ ᠲᠠᠬᠯᠠᠵᠥ ᠲᠠᠮᠵᠢᠭᠤᠯᠤᠨ᠎ᠠ ᠃ | ᠬᠥᠲᠥᠯᠦᠭᠴᠢ᠄ | ᠲᠠᠨ ᠤ ᠲᠠᠶᠢᠯᠤᠮᠵᠢ ᠳᠤ ᠲᠠᠯᠠᠷᠬᠠᠵᠤ ᠪᠠᠶᠢᠨ᠎ᠠ᠂ ᠠᠷᠠᠳ ᠤᠯᠠᠨ ᠳᠤ ︽ ᠬᠠᠭᠤᠴᠢᠨ ᠮᠠᠰᠢᠨ ᠲᠡᠷᠭᠡ ᠶᠢ | ᠰᠢᠨ᠎ᠡ ᠪᠠᠷ ᠰᠣᠯᠢᠬᠤ︾ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠤᠬᠠᠶ ᠵᠣᠬᠢᠬᠤ ᠣᠶᠢᠯᠠᠭᠠᠯᠲᠠ ᠲᠠᠢ | ᠪᠤᠯᠭᠠᠯ᠎ᠠ ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠠᠰᠢᠭ ᠢ ᠨᠡᠩ ᠤᠯᠠᠨ ᠬᠦᠮᠦᠨ ᠬᠦᠷᠳᠡᠬᠦ ᠶᠢ | ᠬᠦᠰᠡᠵᠥ ᠪᠠᠶᠢᠨ᠎ᠠ᠃ | | |