ᠠᠵᠢᠯ ᠤᠨ ᠲᠣᠭᠲᠠᠴᠠ ᠶᠢ ᠪᠣᠳᠠᠲᠠᠢ ᠳᠤ ᠨᠠᠶᠢᠳᠠᠪᠤᠷᠢᠵᠢᠭᠤᠯᠪᠠ᠃ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠥᠬᠦ ᠪᠠᠯᠭᠠᠰᠤᠨ ᠤ | ᠡᠯ᠎ᠡ ᠨᠠᠮ ᠤᠨ ᠡᠭᠦᠷ ᠲᠤ ᠨᠢᠭᠡᠳᠦᠮᠡᠯ ᠹᠷᠣᠨᠲ ᠤᠨ ᠭᠡᠰᠢᠭᠦᠨ ᠢ ᠪᠠᠶᠢᠭᠤᠯᠵᠤ᠂ ᠨᠠᠮ ᠤᠨ ᠦᠨᠳᠦᠰᠦᠲᠡᠨ ᠤ ᠣᠨᠣᠯ | ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠦᠨᠳᠦᠰᠦᠨ ᠱᠠᠲᠤᠨ ᠳᠤ ᠬᠦᠷᠲᠡᠯ᠎ᠡ ᠣᠶᠢᠯᠠᠭᠠᠬᠤ ᠬᠥᠮᠦᠨ ᠲᠠᠢ᠂ | ᠦᠨᠳᠦᠰᠦᠲᠡᠨ ᠤ ᠠᠵᠢᠯ ᠢ ᠦᠨᠳᠦᠰᠦᠨ ᠱᠠᠲᠤᠨ ᠳᠤ ᠠᠳᠬᠤᠬᠤ ᠬᠥᠮᠦᠨ ᠲᠠᠢ ᠪᠠᠶᠢᠬᠤ ᠶᠢ ᠦᠨᠡᠨᠬᠦ ᠪᠠᠳᠤᠯᠠᠪᠠ᠃ | ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠬᠤ ᠶᠢ ᠪᠤᠳᠠᠲᠠᠶᠢᠵᠢᠭᠤᠯᠪᠠ᠃ ︽ᠠᠨᠠᠷ ᠤᠨ ᠦᠷ᠎ᠡ · ᠰᠦᠭ | ᠰᠦᠨᠡᠰᠦ ᠶᠢ ᠱᠤᠭᠤᠬᠤ︾ ᠠᠵᠢᠯᠯᠠᠭ᠎ᠠ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤ ᠴᠤᠬᠴᠠᠯᠠᠬᠤ ᠪᠠ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠶᠢ | ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠴᠢᠬᠤᠯᠠ ᠠᠭᠤᠯᠭ᠎ᠠ | ᠪᠣᠯᠭᠠᠵᠤ᠂ ᠪᠠᠯᠭᠠᠰᠤᠨ ᠤ ᠨᠠᠮ ᠤᠨ ᠬᠤᠷᠢᠶ᠎ᠠ ᠲᠤᠰᠬᠠᠢ ᠰᠡᠳᠦᠪᠲᠦ ᠲᠠᠶᠢᠯᠤᠮᠵᠢ ᠬᠢᠵᠦ᠂ 6 ᠲᠠᠯᠠᠪᠠᠢ ᠤᠳᠠᠭ᠎ᠠ | ᠰᠤᠷᠤᠯᠴᠠᠪᠠ᠃ | ᠥᠪᠡᠷᠮᠢᠴᠡ ᠣᠨᠴᠠᠯᠢᠭ ᠪᠦᠬᠦᠢ ᠭᠢᠯᠠᠰ ᠴᠡᠭ ᠢ ᠪᠤᠳᠠᠳᠠᠶᠢᠵᠢᠭᠤᠯᠪᠠ ᠃ ︽ᠢᠯᠭᠠᠬᠤ ᠬᠡᠯᠪᠡᠷᠢ︾ ᠶᠢᠨ | ᠠᠴᠢᠶᠠᠯᠠᠪᠤᠷᠢ ᠶᠢ ᠰᠢᠨᠡᠴᠢᠯᠡᠨ ᠪᠠᠶᠢᠭᠤᠯᠵᠤ᠂ ︽ᠠᠨᠠᠷ ᠤᠨ ᠦᠷ᠎ᠡ · ᠦᠨᠳᠦᠰᠦᠲᠡᠨ ᠤ ᠪᠦᠯᠬᠦᠮᠳᠡᠯ ᠤᠨ ᠮᠡᠳᠡᠪᠡᠰᠦ | ᠵᠣᠬᠢᠬᠤ ᠮᠡᠳᠡᠯᠭᠡ ᠶᠢᠨ ᠠᠰᠠᠭᠤᠯᠳᠠ ᠬᠠᠷᠢᠭᠤᠯᠳᠠ︾ ᠶᠢᠨ ᠪᠤᠯᠤᠩ ᠢ 5 ᠬᠤᠭᠤᠴᠠᠭ᠎ᠠ ᠨᠡᠭᠡᠭᠡᠪᠡ᠃ ︽ᠮᠢᠩᠭᠠᠨ | ᠲᠣᠰᠬᠤᠨ ᠲᠦᠮᠡᠨ ᠡᠷᠦᠬᠡ︾ ᠳᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠨᠠᠮ ᠤᠨ | ᠦᠨᠳᠦᠰᠦᠲᠡᠨ ᠤ ᠲᠥᠷᠥ ᠶᠢᠨ ᠪᠣᠳᠣᠯᠭ᠎ᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠥ᠂ | ᠣᠳᠣᠬᠠᠨ ᠳᠤ ᠨᠢᠭᠡᠨᠲᠡ ᠪᠥᠬᠦ ᠪᠠᠯᠭᠠᠰᠤᠨ ᠤ 17 ᠭᠠᠴᠠᠭ᠎ᠠ ᠲᠣᠰᠬᠤᠨ ᠢ ᠬᠠᠮᠤᠷᠴᠠᠶ᠃ | |