︽ᠳᠤᠷ᠎ᠠ ᠰᠣᠨᠢᠷᠬᠠᠯ ᠪᠣᠯ ᠬᠠᠮᠤᠭ ᠰᠠᠶᠢᠨ ᠪᠠᠭᠰᠢ︾ ᠭᠡᠳᠡᠭᠴᠢᠯᠡᠨ ᠰᠤᠷᠤᠬᠴᠢ ᠶᠢᠨ ᠦᠢᠯᠡᠳᠦᠯᠭᠡ ᠳᠤ | ᠢᠳᠡᠪᠬᠢᠲᠡᠢ ᠣᠷᠤᠯᠴᠠᠬᠤ ᠳᠤᠷ᠎ᠠ ᠰᠣᠨᠢᠷᠬᠠᠯ ᠢ ᠬᠥᠭᠵᠢᠭᠦᠯᠬᠦ ᠶᠢᠨ ᠡᠭᠦᠳᠡᠨ ᠠᠴᠠ ᠨᠡᠶᠢᠭᠡᠮ᠂ ᠭᠡᠷ ᠪᠦᠯᠢ᠂ | ᠠᠮᠢᠳᠤᠷᠠᠯ ᠲᠠᠢ ᠥᠷᠭᠡᠨ ᠬᠤᠯᠪᠤᠭ᠎ᠠ ᠲᠠᠢ ᠭᠡᠯᠡ ᠪᠢᠴᠢᠭ ᠤᠨ ᠰᠤᠷᠤᠯᠴᠠᠯᠭ᠎ᠠ ᠶᠢᠨ ᠡᠬᠢ ᠰᠣᠷᠪᠤᠯᠵᠢ ᠶᠢ ᠢᠳᠡᠪᠬᠢᠲᠡᠢ | ᠨᠡᠭᠡᠭᠡᠨ ᠬᠥᠭᠵᠢᠭᠦᠯᠬᠦ ᠪᠠ ᠭᠦᠢᠴᠡᠳ ᠠᠰᠢᠭᠯᠠᠵᠤ᠂ ᠰᠤᠷᠤᠯᠴᠠᠯᠭ᠎ᠠ ᠶᠢᠨ ᠣᠷᠴᠢᠨ ᠢ ᠥᠷᠭᠡᠳᠬᠡᠵᠦ᠂ | ᠰᠤᠷᠤᠬᠴᠢ ᠶᠢ ᠪᠠᠭᠲᠠᠭᠠᠮᠵᠢᠲᠠᠢ᠂ ᠴᠢᠯᠦᠭᠡᠲᠡᠢ᠂ ᠨᠡᠭᠡᠭᠡᠯᠲᠡᠲᠡᠢ ᠠᠭᠤᠷ ᠠᠮᠢᠰᠬᠤᠯ ᠤᠨ ᠳᠤᠮᠳᠠ ᠦᠢᠯᠡᠳᠦᠯᠭᠡ ᠳᠤ | ᠢᠳᠡᠪᠬᠢᠲᠡᠢ ᠣᠷᠤᠯᠴᠠᠭᠤᠯᠬᠤ ᠬᠡᠷᠡᠭᠲᠡᠢ᠃ | ᠨᠢᠭᠡᠳᠦᠭᠡᠷ ᠲᠤ᠂ ᠦᠢᠯᠡᠳᠦᠯᠭᠡ ᠶᠢᠨ ᠭᠡᠯᠪᠡᠷᠢ ᠶᠢ ᠣᠯᠠᠨ ᠶᠠᠩᠵᠤᠲᠤ ᠴᠢᠨᠠᠷ ᠲᠠᠢ ᠪᠤᠯᠭᠠᠵᠤ᠂ ᠳᠠᠷᠤᠢ | ᠪᠠᠭᠰᠢ ᠠᠴᠠ ᠰᠤᠷᠤᠬᠴᠢ ᠳᠤ ᠭᠡᠯᠡ ᠪᠢᠴᠢᠭ ᠤᠨ ᠦᠢᠯᠡᠳᠦᠯᠭᠡ ᠶᠢᠨ ᠣᠯᠠᠨ ᠶᠠᠩᠵᠤ ᠶᠢᠨ ᠮᠠᠲ᠋ᠧᠷᠢᠶᠠᠯ ᠢ ᠬᠠᠩᠭᠠᠵᠤ᠂ | ᠠᠳᠠᠯᠢ ᠪᠤᠰᠤ ᠰᠤᠷᠤᠬᠴᠢ ᠶᠢᠨ ᠥᠪᠡᠷᠲᠡᠭᠡᠨ ᠰᠣᠩᠭᠤᠵᠤ ᠵᠠᠷᠤᠬᠤ ᠳᠤ ᠪᠡᠯᠡᠳᠬᠡᠯ ᠬᠢᠨ᠎ᠡ᠃ ᠵᠢᠭᠠᠨ ᠰᠤᠷᠭᠠᠯᠲᠠ | ᠳᠤᠮᠳᠠ ᠮᠠᠷᠭᠤᠯᠳᠤᠬᠤ᠂ ᠰᠤᠷᠪᠤᠯᠵᠢᠯᠠᠬᠤ᠂ ᠨᠡᠶᠢᠭᠡᠮ ᠤᠨ ᠪᠠᠶᠢᠴᠠᠭᠠᠯᠲᠠ ᠬᠢᠵᠦ᠂ ᠰᠣᠨᠢᠨ ᠮᠡᠳᠡᠭᠡ ᠨᠡᠶᠢᠲᠡᠯᠡᠬᠦ᠂ | ᠨᠣᠮ ᠲᠠᠨᠢᠯᠴᠠᠭᠤᠯᠬᠤ᠂ ᠬᠠᠨ᠎ᠠ ᠶᠢᠨ ᠰᠣᠨᠢᠨ ᠡᠷᠭᠢᠯᠡᠭᠦ᠂ ᠵᠣᠬᠢᠶᠠᠯ ᠤᠨ ᠡᠮᠬᠢᠳᠬᠡᠯ ᠢ ᠥᠪᠡᠷᠲᠡᠭᠡᠨ ᠨᠠᠶᠢᠷᠠᠭᠤᠯᠬᠤ᠂ | ᠬᠠᠯᠠᠭᠤᠷᠠᠯ ᠴᠡᠭ ᠢ ᠵᠠᠳᠠᠯᠤᠨ ᠰᠢᠭᠦᠮᠵᠢᠯᠡᠬᠦ᠂ ᠡᠷᠲᠡᠨ ᠤ ᠦᠯᠡᠳᠡᠭᠳᠡᠯ ᠢ ᠰᠦᠪᠡᠭᠴᠢᠯᠡᠨ ᠰᠤᠷᠪᠤᠯᠵᠢᠯᠠᠬᠤ᠂ | ᠰᠤᠷᠤᠬᠴᠢ ᠠᠴᠠ ᠬᠢᠴᠢᠶᠡᠯ ᠤᠨ ᠲᠠᠶᠢᠰᠠᠨ ᠳᠤ ᠭᠠᠷᠬᠤ ᠵᠡᠷᠭᠡ ᠪᠠᠷ ᠭᠡᠯᠡ ᠪᠢᠴᠢᠭ ᠤᠨ ᠦᠢᠯᠡᠳᠦᠯᠭᠡ ᠶᠢᠨ | ᠬᠥᠳᠡᠯᠭᠡᠭᠡᠨ ᠳᠤ ᠰᠤᠷᠤᠬᠴᠢᠳ ᠢ ᠢᠯᠡᠭᠦᠬᠡᠨ ᠤᠷᠤᠯᠴᠠᠭᠤᠯᠬᠤ ᠬᠡᠷᠡᠭᠲᠡᠢ᠃ | ᠬᠤᠶᠠᠳᠤᠭᠠᠷ ᠲᠤ᠂ ᠦᠢᠯᠡᠳᠦᠯᠭᠡ ᠶᠢᠨ ᠠᠭᠤᠯᠭ᠎ᠠ ᠶᠢ ᠠᠮᠢᠳᠤᠯᠢᠭᠵᠢᠭᠤᠯᠬᠤ ᠬᠡᠷᠡᠭᠲᠡᠢ᠃ ᠰᠤᠷᠤᠬᠴᠢ | ᠠᠮᠢᠳᠤᠷᠠᠯ ᠠᠴᠠ ᠭᠡᠯᠡ ᠪᠢᠴᠢᠭ ᠤᠨ ᠦᠢᠯᠡᠳᠦᠯᠭᠡ ᠶᠢᠨ ᠠᠮᠢᠵᠢᠷᠠᠯ ᠤᠨ ᠬᠦᠴᠦᠨ ᠢᠶᠠᠨ ᠣᠯᠳᠠᠭ᠃ ᠡᠶᠢᠮᠦ ᠠᠴᠠ᠂ | ᠡᠷᠬᠡᠪᠰᠢ ᠰᠤᠷᠤᠬᠴᠢ ᠶᠢᠨ ᠠᠮᠢᠳᠤᠷᠠᠬᠤᠢ ᠪᠠ ᠶᠢᠷᠲᠢᠨᠴᠦ ᠶᠢᠨ ᠦᠵᠡᠯᠲᠡ ᠠᠴᠠ ᠡᠭᠦᠰᠴᠦ᠂ ᠦᠢᠯᠡᠳᠦᠯᠭᠡ ᠶᠢᠨ | ᠲᠥᠰᠥᠪ ᠲᠥᠯᠥᠪᠯᠡᠭᠡ ᠪᠠᠨ ᠰᠤᠷᠤᠬᠴᠢ ᠶᠢᠨ ᠠᠮᠢᠳᠤᠷᠠᠯ ᠳᠤ ᠢᠯᠡᠭᠦᠬᠡᠨ ᠣᠶᠢᠷᠠᠲᠤᠭᠤᠯᠵᠤ᠂ ᠦᠢᠯᠡᠳᠦᠯᠭᠡ ᠶᠢᠨ | ᠠᠭᠤᠯᠭ᠎ᠠ ᠪᠠᠨ ᠲᠠᠰᠤᠷᠡᠯᠲᠡ ᠦᠭᠡᠢ ᠰᠢᠨᠡᠳᠬᠡᠬᠦ ᠪᠠᠷ ᠴᠢᠷᠮᠠᠶᠢᠨ᠂ ᠦᠢᠯᠡᠳᠦᠯᠭᠡ ᠶᠢᠨ ᠶᠠᠪᠤᠴᠠ ᠳᠤ ᠪᠡᠶᠡᠴᠢᠯᠡᠨ | ᠣᠶᠢᠯᠠᠭᠠᠬᠤ ᠴᠢᠨᠠᠷ ᠢ ᠠᠩᠬᠠᠷᠴᠤ᠂ ᠰᠤᠷᠤᠬᠴᠢ ᠶᠢ ᠦᠢᠯᠡᠳᠦᠯᠭᠡ ᠳᠤ ᠢᠳᠡᠪᠬᠢᠲᠡᠢ ᠣᠷᠤᠯᠴᠠᠬᠤ ᠳᠤ ᠴᠢᠳᠠᠮᠠᠭᠠᠢ | ᠪᠤᠯᠭᠠᠬᠤ ᠬᠡᠷᠡᠭᠲᠡᠢ᠃ ᠷᠦᠰᠥ᠋᠄ ︽ᠮᠠᠨ ᠤ ᠵᠢᠩᠬᠢᠨᠢ ᠪᠠᠭᠰᠢ ᠪᠣᠯ ᠲᠤᠷᠰᠢᠯᠭ᠎ᠠ ᠪᠠ ᠰᠡᠷᠡᠯ︾ ᠬᠡᠮᠡᠮᠦᠢ᠃ | ᠲᠤᠷᠰᠢᠯᠭ᠎ᠠ ᠪᠠ ᠰᠡᠷᠡᠯ ᠤᠨ ᠠᠩᠬᠠᠨ ᠤ ᠢᠷᠡᠯᠲᠡ ᠪᠣᠯ ᠥᠪᠡᠷ ᠢᠶᠠᠨ ᠪᠡᠶᠡᠴᠢᠯᠡᠨ ᠣᠶᠢᠯᠠᠭᠠᠬᠤ ᠪᠣᠯᠣᠨ᠎ᠠ᠃ | ᠪᠡᠶᠡᠴᠢᠯᠡᠨ ᠣᠶᠢᠯᠠᠭᠠᠬᠤ ᠴᠢᠨᠠᠷ ᠪᠣᠯ ᠣᠳᠣᠬᠠᠨ ᠤ ᠰᠤᠷᠤᠯᠴᠠᠬᠤ ᠭᠡᠯᠪᠡᠷᠢ ᠶᠢᠨ ᠲᠣᠪᠣᠶᠢᠮ᠎ᠠ ᠣᠨᠴᠠᠯᠢᠭ ᠮᠥᠨ᠃ | ᠨᠢᠭᠡ ᠳᠤ᠂ ᠪᠡᠶ᠎ᠡ ᠮᠠᠬᠠᠪᠤᠳ ᠴᠢᠨᠠᠷ ᠲᠠᠢ ᠣᠷᠤᠯᠴᠠᠯᠭ᠎ᠠ ᠶᠢ ᠴᠢᠩᠭᠠᠳᠬᠠᠬᠤ ᠬᠡᠷᠡᠭᠲᠡᠢ᠃ | ᠰᠤᠷᠤᠬᠴᠢᠳ ᠤᠨ ᠭᠡᠯᠡ ᠪᠢᠴᠢᠭ ᠤᠨ ᠦᠢᠯᠡᠳᠦᠯᠭᠡ ᠶᠢᠨ ᠪᠦᠬᠦᠢ ᠯᠡ ᠶᠠᠪᠤᠴᠠ ᠳᠤ ᠥᠪᠡᠷ ᠤᠨ ᠭᠠᠷ᠂ ᠠᠮᠠ᠂ | ᠨᠢᠳᠦ᠂ ᠴᠢᠬᠢ ᠪᠠᠷ ᠭᠦᠢᠴᠡᠳᠬᠡᠬᠦ ᠶᠢ ᠴᠢᠬᠤᠯᠠᠴᠢᠯᠠᠨ᠂ ᠥᠪᠡᠷ ᠤᠨ ᠰᠡᠳᠬᠢᠯ ᠤᠨ ᠰᠡᠷᠡᠯ ᠢᠶᠠᠷ ᠰᠤᠪᠢᠨ ᠤᠬᠠᠬᠤ ᠶᠢ | ᠴᠢᠩᠭᠠᠳᠬᠠᠵᠤ᠂ ᠰᠤᠷᠤᠬᠴᠢᠳ ᠢ ᠦᠢᠯᠡᠳᠦᠯᠭᠡ ᠳᠤᠮᠳᠠ ᠠᠴᠠ ᠪᠣᠳᠠᠲᠠᠢ ᠪᠡᠶᠡᠴᠢᠯᠡᠨ ᠣᠶᠢᠯᠠᠭᠠᠬᠤ | ᠪᠣᠯᠭᠠᠨ᠎ᠠ᠃ | ᠬᠤᠶᠠᠷ ᠲᠤ᠂ ᠣᠷᠤᠯᠴᠠᠯᠭ᠎ᠠ ᠶᠢᠨ ᠪᠦᠬᠦᠢ ᠯᠡ ᠶᠠᠪᠤᠴᠠ ᠶᠢ ᠠᠩᠬᠠᠷᠴᠤ᠂ ᠦᠢᠯᠡᠳᠦᠯᠭᠡ ᠶᠢᠨ ᠶᠠᠪᠤᠴᠠ ᠶᠢ | ᠦᠢᠯᠡᠳᠦᠯᠭᠡ ᠶᠢᠨ ᠴᠢᠬᠤᠯᠠ ᠪᠦᠷᠢᠯᠳᠦᠭᠦᠨ ᠬᠡᠰᠡᠭ ᠪᠤᠯᠭᠠᠵᠤ᠂ ᠰᠤᠷᠤᠬᠴᠢ ᠶᠢ ᠦᠢᠯᠡᠳᠦᠯᠭᠡ ᠶᠢᠨ ᠶᠠᠪᠤᠴᠠ | ᠳᠤᠮᠳᠠ ᠠᠴᠠ ᠵᠢᠩᠬᠢᠨᠢ ᠤᠳᠬ᠎ᠠ ᠠᠭᠤᠯᠭ᠎ᠠ ᠳᠡᠭᠡᠷᠡᠬᠢ ᠪᠡᠶᠡᠴᠢ ᠣᠶᠢᠯᠠᠭᠠᠯᠲᠠ ᠶᠢ ᠰᠢᠭᠤᠳ ᠣᠯᠣᠭᠤᠯᠤᠨ᠎ᠠ᠃ | ᠭᠤᠷᠪᠠᠳᠤᠭᠠᠷ ᠲᠤ᠂ ᠦᠢᠯᠡᠳᠦᠯᠭᠡ ᠳᠤ ᠰᠤᠷᠤᠬᠴᠢ ᠶᠢ ᠵᠣᠷᠢᠭᠲᠠᠢ ᠣᠷᠤᠯᠴᠠᠭᠤᠯᠬᠤ ᠬᠡᠷᠡᠭᠲᠡᠢ᠃ ᠣᠯᠠᠨ ᠡᠰᠢᠲᠦ | ᠣᠶᠣᠨ ᠤᠬᠠᠭᠠᠨ ᠤ ᠰᠤᠷᠭᠠᠯ ᠠᠴᠠ ᠮᠡᠳᠡᠵᠦ ᠣᠯᠬᠤ ᠨᠢ ᠰᠤᠷᠤᠬᠴᠢ ᠪᠣᠯᠭᠠᠨ ᠤ ᠰᠤᠷᠤᠯᠭ᠎ᠠ ᠶᠢᠨ ᠦᠢᠯᠡᠳᠦᠯᠭᠡ | ᠪᠤᠰᠤᠳᠴᠢ ᠳᠡᠭᠡᠷ᠎ᠡ ᠪᠠᠨ ᠪᠣᠳᠠᠭᠠᠯᠢ ᠴᠣᠭᠴᠠ ᠶᠢᠨ ᠴᠣᠷ ᠤᠨ ᠭᠠᠭᠴᠠ ᠣᠨᠴᠠᠯᠢᠭ ᠰᠢᠨᠵᠢ ᠲᠠᠢ ᠮᠥᠷᠲᠡᠭᠡᠨ | ᠴᠣᠷ ᠤᠨ ᠭᠠᠭᠴᠠ ᠣᠨᠴᠠᠯᠢᠭ ᠰᠢᠨᠵᠢ ᠪᠣᠯ ᠣᠳᠣᠬᠠᠨ ᠤ ᠰᠤᠷᠤᠯᠴᠠᠬᠤ ᠭᠡᠯᠪᠡᠷᠢ ᠮᠠᠶ᠋ᠢᠭ ᠤᠨ ᠴᠢᠬᠤᠯᠠ ᠣᠨᠴᠠᠯᠢᠭ | ᠮᠥᠨ᠃ | ᠨᠢᠭᠡ ᠳᠤ᠂ ᠰᠤᠷᠤᠬᠴᠢ ᠶᠢ ᠵᠢᠩᠬᠢᠨᠢ ᠪᠠᠷ ᠭᠤᠣᠯ ᠴᠣᠭᠴᠠ ᠶᠢᠨ ᠣᠷᠣᠨ ᠪᠠᠶᠢᠷᠢ ᠳᠤ ᠲᠠᠯᠪᠢᠵᠤ᠂ ᠪᠠᠭᠰᠢ ᠵᠢᠭᠠᠨ | ᠰᠤᠷᠭᠠᠯᠲᠠ ᠳᠤᠮᠳᠠᠬᠢ ᠭᠤᠣᠯ ᠳᠦᠷᠢ᠂ ᠲᠠᠶᠢᠯᠪᠤᠷᠢᠯᠠᠭᠴᠢ ᠠᠴᠠ ᠪᠠᠨ ︽ᠤᠳᠤᠷᠢᠳᠤᠭᠠᠴᠢ︾᠂ ︽ᠰᠤᠷᠭᠠᠭᠴᠢ︾ | ᠪᠣᠯᠵᠤ ︽ᠰᠤᠷᠤᠬᠴᠢ ᠮᠠᠶ᠋ᠢᠭ ᠤᠨ ᠪᠠᠭᠰᠢ︾ ᠪᠣᠯᠵᠤ᠂ ᠳᠠᠭᠠᠭᠤᠯᠤᠨ ᠵᠢᠯᠤᠭᠤᠳᠬᠤ ᠶᠢ ᠠᠩᠬᠠᠷᠴᠤ᠂ ᠴᠠᠭ | ᠢᠮᠠᠭᠲᠠ ᠵᠢᠭᠠᠵᠤ ᠳᠣᠬᠢᠬᠤ ᠠᠴᠠ ᠪᠢᠰᠢ᠂ ᠪᠦᠭᠦᠨ ᠢ ᠣᠷᠣᠯᠠᠨ ᠬᠢᠵᠦ ᠪᠤᠯᠬᠤ ᠦᠭᠡᠢ᠃ | ᠬᠤᠶᠠᠷ ᠲᠤ᠂ ᠰᠤᠷᠤᠬᠴᠢ ᠶᠢᠨ ᠭᠡᠯᠡ ᠪᠢᠴᠢᠭ ᠤᠨ ᠦᠢᠯᠡᠳᠦᠯᠭᠡ ᠳᠤᠮᠳᠠ ᠢᠯᠡᠷᠡᠭᠦᠯᠦᠭᠰᠡᠨ ᠰᠣᠨᠢᠨ ᠰᠡᠪᠡᠭᠦᠨ | ᠦᠵᠡᠯᠲᠡ ᠲᠠᠨᠢᠯᠲᠠ ᠳᠤ ᠵᠥᠪ ᠢᠶᠠᠷ ᠬᠠᠨᠳᠤᠵᠤ᠂ ᠪᠠᠭ᠋ᠠᠳᠤᠨ ᠰᠣᠨᠢᠷᠬᠠᠵᠤ᠂ ᠴᠡᠴᠡᠭ ᠪᠦᠭᠦᠨ ᠢ ᠵᠡᠷᠭᠡ ᠪᠠᠷ | ᠳᠡᠯᠭᠡᠷᠡᠭᠦᠯᠦᠨ᠂ ᠦᠢᠯᠡᠳᠦᠯᠭᠡ ᠪᠠᠷ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠴᠠᠭ ᠲᠤᠬᠠᠢ ᠳᠤᠨᠢ ᠳ᠋ᠦᠩᠨᠡᠵᠦ᠂ | ᠲᠣᠬᠢᠷᠠᠮᠵᠢᠲᠠᠢ ᠦᠶ᠎ᠡ ᠳᠤᠨᠢ ᠨᠤᠲᠠᠯᠠᠯᠲᠠ ᠬᠢᠬᠦ ᠬᠡᠷᠡᠭᠲᠡᠢ᠃ | ᠭᠤᠷᠪᠠ ᠳᠤ᠂ ᠣᠯᠠᠨ ᠡᠰᠢᠲᠦ ᠦᠨᠡᠯᠡᠯᠲᠡ ᠪᠠ ᠬᠥᠭᠵᠢᠯᠲᠡ ᠶᠢᠨ ᠴᠢᠨᠠᠷ ᠲᠠᠢ ᠦᠨᠡᠯᠡᠯᠲᠡ ᠶᠢ ᠬᠦᠨᠳᠦᠳᠬᠡᠬᠦ | ᠬᠡᠷᠡᠭᠲᠡᠢ᠃ ᠰᠤᠷᠤᠬᠴᠢᠳ ᠤᠨ ᠥᠪᠡᠷ ᠢ ᠪᠠᠨ ᠬᠦᠨᠳᠦᠳᠬᠡᠬᠦ ᠰᠡᠳᠬᠢᠯ᠂ ᠥᠪᠡᠷ ᠢ ᠪᠠᠨ ᠢᠲᠡᠭᠡᠬᠦ ᠰᠡᠳᠬᠢᠯ ᠢ | ᠬᠠᠮᠠᠭᠠᠯᠠᠬᠤ ᠶᠢ ᠢᠮᠠᠭᠲᠠ ᠠᠩᠬᠠᠷᠴᠤ᠂ ᠲᠡᠳᠡᠨ ᠤ ᠰᠠᠶᠢᠨ ᠲᠠᠯ᠎ᠠ ᠶᠢ ᠣᠯᠵᠤ ᠬᠠᠷᠠᠬᠤ ᠶᠢᠨ ᠬᠠᠮᠲᠤ ᠢᠳᠡᠪᠬᠢᠲᠡᠢ | ᠵᠣᠷᠢᠭᠵᠢᠭᠤᠯᠤᠨ ᠵᠢᠯᠤᠭᠤᠳᠬᠤ ᠳᠤ ᠭᠦᠷᠪᠡᠯ᠂ ᠰᠤᠷᠤᠬᠴᠢᠳ ᠠᠴᠠ ᠭᠡᠯᠡ ᠪᠢᠴᠢᠭ ᠤᠨ ᠦᠢᠯᠡᠳᠦᠯᠭᠡ ᠳᠤᠮᠳᠠ | ᠢᠳᠡᠪᠬᠢᠲᠡᠢ ᠰᠦᠪᠡᠭᠴᠢᠯᠡᠨ ᠬᠤᠷᠠᠮᠳᠤᠭᠤᠯᠵᠤ᠂ ᠰᠤᠪᠢᠨ ᠤᠬᠠᠵᠤ ᠥᠪᠡᠷ ᠤᠨ ᠶᠠᠭᠤᠮ᠎ᠠ ᠪᠠᠨ ᠪᠤᠯᠭᠠᠬᠤ ᠠᠷᠭ᠎ᠠ | ᠤᠬᠠᠭᠠᠨ ᠢ ᠬᠥᠮᠥᠵᠢᠭᠦᠯᠵᠦ ᠴᠢᠳᠠᠨ᠎ᠠ᠃ | | ᠵᠣᠬᠢᠶᠠᠭᠴᠢ ᠶᠢᠨ ᠬᠠᠶ᠋ᠢᠭ᠄ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠢᠨᠳᠡᠷ ᠬᠤᠶᠠᠳᠤᠭᠠᠷ ᠳᠤᠮᠳᠠᠳᠦ | ᠰᠤᠷᠭᠠᠭᠤᠯᠢ |