ᠤᠶᠢᠷ᠎ᠡ ᠶᠢᠨ ᠬᠤᠭᠤᠴᠠᠭᠠᠨ ᠳᠤ ᠡᠷᠳᠡᠨᠢ ᠰᠢᠰᠢ ᠶᠢᠨ ᠬᠤᠷᠤᠬᠠᠢ ᠶᠢᠨ ᠬᠦᠨᠦᠭᠡᠯ ᠢ ᠭᠤᠤᠯᠳᠠᠯᠭ᠎ᠠ ᠲᠠᠢ ᠰᠡᠷᠭᠡᠶᠢᠯᠡᠨ ᠵᠠᠰᠠᠬᠤ ᠴᠢᠬᠤᠯᠠ ᠲᠠᠢ
ᠨᠡᠶᠢᠲᠡᠯᠡᠭᠰᠡᠨ ᠴᠠᠭ᠄
2024/8/9
    ᠣᠶᠢᠷ᠎ᠠ ᠶᠢᠨ ᠬᠤᠭᠤᠴᠠᠭᠠᠨ ᠳᠤ ᠰᠢᠷᠦᠭᠦᠨ ᠪᠣᠷᠣᠭᠠᠨ᠂ ᠶᠡᠭᠡ ᠰᠢᠷᠦᠭᠦᠨ ᠪᠣᠷᠣᠭᠠᠨ ᠤ ᠳᠠᠭᠠᠷᠢᠯᠲᠠ ᠳᠤ ᠤᠴᠠᠷᠠᠵᠤ᠂ ᠬᠡᠰᠡᠭ ᠭᠠᠵᠠᠷ ᠣᠷᠣᠨ ᠤ ᠲᠠᠷᠢᠶᠠᠨ ᠭᠠᠵᠠᠷ ᠲᠤ ᠤᠰᠤ ᠨᠡᠯᠢᠶᠡᠳ ᠠᠷᠪᠢᠨ ᠬᠤᠷᠠᠵᠤ᠂ ᠤᠰᠤᠲᠤᠯ ᠬᠦᠨᠳᠦ ᠨᠣᠴᠢᠲᠠᠶ ᠪᠣᠯᠤᠭᠰᠠᠨ ᠠᠴᠠ ᠤᠰᠤᠨ ᠲᠤᠲᠤᠷᠭ᠎ᠠ᠂ ᠡᠷᠳᠡᠨᠢ ᠰᠢᠰᠢ᠂ ᠯᠣᠬᠠᠱᠧᠩ᠂ ᠰᠢᠷ᠎ᠠ ᠪᠤᠷᠴᠠᠭ᠂ ᠢᠳᠡᠰᠢᠨ ᠨᠣᠭᠤᠭ᠎ᠠ ᠵᠡᠷᠭᠡ ᠲᠠᠷᠢᠮᠠᠯ ᠤᠨ ᠤᠷᠭᠤᠴᠠ ᠪᠠᠭᠤᠷᠠᠶ᠂ ᠰᠢᠷᠬ᠎ᠠ ᠣᠯᠠᠨ᠂ ᠡᠰᠡᠷᠭᠦᠴᠡᠬᠦ ᠴᠢᠨᠠᠷ ᠢᠶᠠᠷ ᠠᠨᠠᠶ ᠪᠣᠯᠬᠤᠷ ᠡᠯ᠎ᠡ ᠵᠦᠢᠯ ᠤᠨ ᠡᠪᠡᠳᠴᠢᠨ ᠬᠤᠷᠣᠬᠠᠶ ᠶᠢᠨ ᠭᠠᠮᠰᠢᠭ ᠡᠭᠦᠰᠬᠦ ᠳᠤ ᠮᠠᠰᠢ ᠠᠰᠢᠭᠲᠠᠶ ᠪᠠᠶᠢᠵᠤ᠂ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠬᠡᠷᠡᠭᠲᠡᠶ ᠪᠠᠶᠢᠨ᠎ᠠ᠃
        玉米病虫害.jpg  
    ᠡᠷᠳᠡᠨ᠋ᠢ ᠰᠢᠰᠢ ᠶᠢᠨ ᠬᠤᠷᠤᠬᠠᠶ ᠶᠢᠨ ᠭᠠᠮᠰᠢᠭ᠃ ᠶᠡᠭᠡ ᠪᠣᠷᠣᠭᠠᠨ᠂ ᠰᠢᠪᠡᠷ ᠪᠠᠯᠴᠢᠭ᠂ ᠤᠰᠤᠲᠤᠯ ᠵᠡᠷᠭᠡ ᠳᠤ ᠡᠷᠳᠡᠨᠢ ᠰᠢᠰᠢ ᠶᠢᠨ ᠤᠷᠭᠤᠮᠠᠯ ᠠᠮᠠᠷᠬᠠᠨ ᠰᠢᠷᠬᠠᠲᠤᠵᠤ᠂ ᠡᠰᠡᠷᠭᠦᠴᠡᠬᠦ ᠴᠢᠨᠠᠷ ᠨᠢ ᠮᠠᠭᠤᠳᠠᠭᠰᠠᠨ ᠪᠠᠶᠢᠨ᠎ᠠ᠃ ᠤᠰᠤᠲᠤᠯ ᠢ ᠰᠡᠷᠭᠡᠶᠢᠯᠡᠵᠦ ᠴᠢᠭᠢᠭ ᠢ ᠠᠷᠢᠯᠭᠠᠨ᠂ ᠬᠥᠷᠥᠰᠥ ᠪᠠᠨ ᠰᠤᠯᠠᠷᠠᠭᠤᠯᠵᠤ᠂ ᠰᠢᠪᠲᠦᠷᠲᠦ ᠴᠣᠺᠣᠯᠠᠳ᠋ ᠪᠠᠭ᠎ᠠ ᠰᠢᠬᠢᠷᠯᠢᠭ ᠡᠳ᠋᠂ ᠾᠣᠯᠯᠢᠼᠢᠨ ᠡᠳ᠋ ᠤᠨ ᠳᠣᠲᠣᠭᠠᠳᠤ ᠡᠰᠲ᠋ᠧᠷ ᠵᠡᠷᠭᠡ ᠳᠠᠷᠬᠠᠯᠠᠭ᠎ᠠ ᠶᠢ ᠥᠳᠥᠭᠡᠬᠦ ᠪᠤᠶᠤ ᠤᠷᠭᠤᠯᠲᠠ ᠶᠢ ᠲᠣᠬᠢᠷᠠᠭᠤᠯᠬᠤ ᠡᠮ ᠰᠦᠷᠴᠢᠵᠦ᠂ ᠲᠠᠷᠢᠮᠠᠯ ᠤᠨ ᠡᠰᠡᠷᠭᠦᠴᠡᠬᠦ ᠴᠢᠨᠠᠷ ᠢ ᠲᠡᠭᠡᠭᠰᠢᠯᠡᠬᠦᠯᠬᠦ ᠰᠠᠭᠤᠷᠢᠨ ᠳᠡᠭᠡᠷ᠎ᠡ᠂ ᠡᠷᠳᠡᠨᠢ ᠰᠢᠰᠢ ᠶᠢᠨ ᠰᠠᠭᠤᠷᠢ ᠢᠯᠵᠠᠷᠠᠬᠤ ᠡᠪᠡᠳᠴᠢᠨ᠂ ᠨᠠᠪᠴᠢᠨ ᠤ ᠲᠣᠯᠪᠣᠲᠤ ᠡᠪᠡᠳᠴᠢᠨ᠂ ᠬᠤᠪᠠᠭ᠋ᠠᠶᠢᠷᠠᠬᠤ ᠡᠪᠡᠳᠴᠢᠨ ᠵᠡᠷᠭᠡ ᠪᠠᠺᠲ᠋ᠧᠷᠢ ᠶᠢᠨ ᠴᠢᠨᠠᠷᠲᠠᠶ ᠡᠪᠡᠳᠴᠢᠨ ᠤ ᠬᠥᠨᠥᠭᠡᠯ ᠳᠠᠬᠢᠨ ᠡᠭᠦᠰᠴᠦ ᠮᠡᠳᠡᠬᠦ ᠪᠠᠶᠢᠳᠠᠯ ᠳᠤ ᠴᠢᠭᠯᠡᠭᠦᠯᠦᠨ᠂  ᠪᠠᠺᠲ᠋ᠧᠷᠢ ᠡᠰᠡᠷᠬᠦᠴᠡᠬᠦ ᠡᠳ᠋᠂ ᠵᠢᠩ ᠭᠠᠩ ᠮᠧᠢ ᠰᠤ᠋ ᠵᠡᠷᠭᠡ ᠡᠮ ᠢ ᠴᠠᠭ ᠲᠤᠬᠠᠢ ᠳᠤ ᠨᠢ ᠰᠦᠷᠴᠢᠵᠦ ᠰᠡᠷᠭᠡᠶᠢᠯᠡᠨ ᠵᠠᠰᠠᠬᠤ ᠬᠡᠷᠡᠭᠲᠡᠢ᠃ ᠬᠠᠷ᠎ᠠ ᠲᠣᠭᠤᠰᠣᠲᠤ ᠡᠪᠡᠳᠴᠢᠨ᠂ ᠬᠦᠷᠡᠩ ᠲᠤᠯᠪᠤᠲᠤ ᠡᠪᠡᠳᠴᠢᠨ᠂ ᠵᠢᠵᠢᠭ ᠲᠤᠯᠪᠤᠲᠤ ᠡᠪᠡᠳᠴᠢᠨ᠂ ᠬᠡᠢ ᠪᠠᠷ ᠬᠤᠪᠬᠠᠶᠢᠷᠠᠬᠤ ᠡᠪᠡᠳᠴᠢᠨ᠂ ᠨᠠᠪᠴᠢ ᠵᠢᠪᠡᠷᠡᠬᠦ ᠡᠪᠡᠳᠴᠢᠨ ᠵᠡᠷᠭᠡ ᠵᠢᠩᠬᠢᠨᠢ ᠪᠠᠺᠲ᠋ᠧᠷᠢ ᠶᠢᠨ ᠡᠪᠡᠳᠴᠢᠨ ᠤ ᠬᠦᠨᠦᠭᠡᠯ ᠳᠤ ᠴᠢᠭᠯᠡᠭᠦᠯᠦᠨ᠂ ᠤᠯᠠᠨ ᠪᠠᠺᠲ᠋ᠧᠷᠢᠳᠤ ᠡᠰᠲ᠋ᠧᠷ᠂ ᠫᠢᠶᠤᠤᠽᠤᠯ ᠵᠡᠷᠭᠡ ᠡᠮ ᠢ ᠰᠤᠩᠭᠤᠨ ᠰᠡᠷᠭᠡᠶᠢᠯᠡᠨ ᠵᠠᠰᠠᠵᠤ ᠪᠣᠯᠣᠨ᠎ᠠ᠃ ᠪᠡᠯᠴᠢᠭᠡᠷ ᠤᠨ ᠢᠲᠦᠭᠠᠨ ᠡᠷᠪᠡᠬᠡᠢ᠂ ᠬᠦᠪᠦᠩ ᠬᠤᠷᠤᠬᠠᠢ ᠵᠡᠷᠭᠡ ᠨᠡᠭᠦᠳᠡᠯᠯᠡᠨ ᠨᠢᠰᠴᠦ ᠪᠠᠶᠢᠭ᠎ᠠ ᠬᠦᠨᠦᠭᠡᠯᠲᠦ ᠬᠤᠷᠣᠬᠠᠢ ᠠᠴᠠ ᠰᠡᠷᠬᠡᠶᠢᠯᠡᠬᠦ ᠹᠧᠨᠽᠧᠨᠲᠤ ᠮᠧᠲ᠋ᠢᠯ ᠠᠮᠢᠨ᠂ ᠮᠧᠲ᠋ᠢᠯᠲᠦ ᠳᠠᠪᠤᠰᠤ ᠵᠡᠷᠭᠡ ᠶᠢ ᠰᠣᠩᠭᠤᠨ ᠬᠡᠷᠡᠭᠯᠡᠵᠦ ᠰᠡᠷᠭᠡᠶᠢᠯᠡᠨ ᠵᠠᠰᠠᠨ᠎ᠠ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号