ᠪᠠᠶᠠᠨᠮᠣᠳᠣ  ᠰᠤᠮᠤᠨ ᠤ ᠠᠵᠤ ᠦᠢᠯᠡᠰ ᠢᠶᠠᠷ ᠪᠠᠯᠭᠠᠰᠤ ᠪᠠᠨ ᠬᠦᠴᠦᠷᠬᠡᠭᠵᠢᠭᠦᠯᠬᠦ ᠲᠥᠷᠥᠯ ᠵᠦᠢᠯ ᠵᠢᠩᠬᠢᠨᠢ ᠪᠠᠷ ᠠᠵᠢᠯ ᠡᠬᠢᠯᠡᠪᠡ
ᠨᠡᠶᠢᠲᠡᠯᠡᠭᠰᠡᠨ ᠴᠠᠭ᠄
2024/9/11
    ᠣᠶᠢᠷ᠎ᠠ ᠳᠤ᠂  2024 ᠣᠨ ᠤ ᠪᠠᠶᠠᠨᠮᠣᠳᠣ  ᠰᠤᠮᠤᠨ ᠤ ᠠᠵᠤ ᠦᠢᠯᠡᠰ ᠢᠶᠠᠷ ᠪᠠᠯᠭᠠᠰᠤ ᠪᠠᠨ ᠬᠦᠴᠦᠷᠭᠡᠭᠵᠢᠬᠦᠯᠬᠦ ᠲᠥᠷᠥᠯ ᠵᠦᠢᠯ ᠵᠢᠩᠬᠢᠨᠢ ᠪᠠᠷ ᠠᠵᠢᠯ ᠡᠬᠢᠯᠡᠪᠡ᠃ ᠲᠥᠷᠥᠯ ᠵᠦᠢᠯ ᠢ ᠬᠤᠶᠠᠷ ᠬᠤᠭᠤᠴᠠᠭ᠎ᠠ ᠬᠤᠪᠢᠶᠠᠨ ᠬᠡᠷᠡᠭᠵᠢᠭᠦᠯᠵᠦ᠂ ᠨᠢᠭᠡᠳᠦᠭᠡᠷ ᠬᠤᠭᠤᠴᠠᠭᠠᠨ ᠳᠤ ᠨᠡᠶᠢᠲᠡ 4 ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 1203 ᠲᠦᠮᠡᠨ ᠲᠥᠭᠦᠷᠢᠭ᠂ ᠡᠭᠦᠨ ᠳᠤ ᠲᠥᠪ ᠠᠴᠠ 300 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠥᠪᠡᠷ ᠢᠶᠠᠨ 903 ᠲᠦᠮᠡᠨ ᠲᠥᠭᠦᠷᠢᠭ ᠤᠨ ᠪᠡᠯᠡ ᠮᠥᠩᠭᠦ ᠴᠤᠭᠯᠠᠭᠤᠯᠪᠠ᠃ ᠭᠤᠣᠯᠳᠠᠭᠤ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠲᠣᠭᠤᠷᠢᠨ ᠳᠤ᠂ ᠲᠡᠵᠢᠭᠡᠯ ᠡᠪᠡᠰᠦ ᠨᠥᠭᠡᠴᠡᠯᠡᠬᠦ ᠬᠥᠮᠥᠷᠭᠡ᠂ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠪᠠᠶᠢᠭᠤᠯᠬᠤ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠭᠤᠷᠪᠠᠨ ᠲᠠᠯ᠎ᠠ ᠠᠴᠠ ᠭᠠᠷᠳᠠᠵᠤ ᠂ ᠬᠤᠶᠢᠲᠤ ᠠᠪᠬ᠎ᠠ ᠭᠠᠴᠠᠭ᠎ᠠ ᠶᠢᠨ ᠮᠢᠩᠭᠠᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠳᠡᠭᠡᠭᠰᠢᠯᠡᠭᠦᠯᠦᠨ ᠥᠭᠡᠷᠡᠴᠢᠯᠡᠵᠦ᠂ ᠢᠩᠲᠦ ᠭᠠᠴᠠᠭ᠎ᠠ ᠶᠢᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠠᠯᠠᠪᠠᠢ ᠶᠢᠨ ᠡᠪᠡᠰᠦ ᠪᠣᠷᠳᠤᠭ᠎ᠠ ᠡᠳ᠋ᠰᠢᠭᠦᠯᠬᠦ ᠦᠢᠯᠡᠳᠪᠦᠷᠢ ᠶᠢᠨ ᠲᠠᠰᠤᠭ᠂ ᠪᠠᠶᠠᠨᠮᠣᠳᠣ ᠭᠠᠴᠠᠭ᠎ᠠ ᠶᠢᠨ ᠠᠵᠤ ᠠᠬᠤᠢ ᠶᠢᠨ ᠬᠤᠷᠰᠢᠶ᠎ᠠ ᠶᠢᠨ ᠲᠡᠵᠢᠭᠡᠯ ᠡᠪᠡᠰᠦ ᠪᠣᠷᠳᠤᠭ᠎ᠠ ᠨᠥᠭᠡᠴᠡᠯᠡᠬᠦ ᠬᠥᠮᠥᠷᠭᠡ ᠵᠢᠴᠢ ᠡᠮᠦᠨ᠎ᠡ ᠠᠪᠠᠭ᠎ᠠ ᠭᠠᠴᠠᠭ᠎ᠠ ᠶᠢᠨ ᠠᠵᠤ ᠠᠬᠤᠢ ᠶᠢᠨ ᠬᠤᠷᠰᠢᠶ᠎ᠠ ᠶᠢᠨ ᠲᠡᠵᠢᠭᠡᠯ ᠡᠪᠡᠰᠦ ᠪᠣᠷᠳᠤᠭ᠎ᠠ ᠨᠥᠭᠡᠴᠡᠯᠡᠬᠦ ᠬᠥᠮᠥᠷᠭᠡ ᠵᠡᠷᠭᠡ ᠲᠦᠷᠦᠯ ᠵᠦᠢᠯ ᠢ ᠪᠠᠶᠢᠭᠤᠯᠵᠤ᠂ ᠠᠯᠠᠰᠢᠨ ᠦᠬᠡᠷ ᠤᠨ  ᠠᠵᠤ  ᠦᠢᠯᠡᠰ  ᠤᠨ  ᠴᠢᠨᠠᠷ  ᠰᠠᠶᠢᠲᠠᠢ  ᠲᠦᠷᠭᠡᠨ ᠬᠥᠭᠵᠢᠯᠲᠡ ᠶᠢ ᠠᠬᠢᠭᠤᠯᠬᠤ ᠪᠠᠷ ᠪᠠᠶᠢᠨ᠎ᠠ᠃     2024 ᠣᠨ ᠳᠤ  ᠮᠠᠨ ᠤ ᠬᠤᠳᠠ ᠳᠤ ᠲᠥᠪ  ᠠᠴᠠ ᠲᠠᠷᠢᠶᠠᠯᠠᠩ ᠤᠨ ᠠᠵᠤ ᠦᠢᠯᠡᠰ ᠢ ᠬᠥᠭᠵᠢᠭᠦᠯᠬᠦ ᠪᠡᠯᠡ ᠮᠥᠩᠭᠦ  ᠶᠢ ᠨᠡᠶᠢᠲᠡ 1000 ᠲᠦᠮᠡᠨ ᠲᠥᠭᠦᠷᠢᠭ ᠪᠠᠭᠤᠯᠭᠠᠵᠥ᠂ ᠡᠭᠦᠨ ᠳᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤ 300 ᠲᠦᠮᠡᠨ ᠲᠥᠭᠦᠷᠢᠭ᠂ ᠪᠡᠯᠡ ᠮᠥᠩᠭᠦ ᠶᠢ 6 ᠰᠠᠷ᠎ᠠ ᠳᠤ ᠬᠤᠰᠢᠭᠤ ᠰᠢᠶᠠᠨ ᠳᠤ ᠪᠠᠭᠤᠯᠭᠠᠵᠤ᠂   ᠵᠢᠱᠢᠯᠲᠡ ᠪᠠᠷ 10 ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号