9 ᠰᠠᠷ᠎ᠠ ᠶᠢᠨ 9 ᠤ ᠡᠳᠦᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠪᠥᠬᠦ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ | ᠭᠤᠤᠯᠳᠠᠯᠭ᠎ᠠ ᠲᠠᠢ ᠡᠭᠦᠷᠭᠡ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ | ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠶᠠᠷᠢᠶ᠎ᠠ ᠲᠠᠯᠪᠢᠵᠤ᠂ ᠬᠤᠰᠢᠭᠤᠨ ᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠯᠢᠦ ᠶᠢᠨ ᠱᠧᠩ ᠬᠤᠷᠠᠯ ᠡᠷᠭᠢᠯᠡᠪᠡ᠃ | | | | ᠬᠤᠷᠠᠯ ᠠᠴᠠ᠂ ᠡᠮᠦᠨ᠎ᠡ 8 ᠰᠠᠷ᠎ᠠ ᠶᠢᠨ ᠪᠥᠬᠦ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠭᠤᠤᠯᠳᠠᠯᠭ᠎ᠠ ᠲᠠᠢ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠮᠡᠳᠡᠭᠳᠡᠵᠦ᠂ ᠣᠳᠣᠬᠠᠨ ᠤ ᠮᠠᠨ ᠤ | ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠪᠠᠶᠢᠳᠠᠯ ᠢ ᠵᠠᠳᠠᠯᠵᠤ᠂ ᠡᠭᠦᠨ ᠤ ᠬᠠᠮᠲᠤ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠲᠤᠬᠠᠶ ᠲᠠᠷᠠᠭᠠᠴᠢ ᠶᠢᠨ ᠠᠯᠬᠤᠮ ᠤᠨ | ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠬᠤᠯᠪᠣᠭᠠᠯᠠᠨ | ᠬᠠᠮᠵᠢᠯᠴᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠦᠯᠡᠳᠡᠭᠡᠯ ᠡᠭᠦᠷᠭᠡ ᠶᠢ ᠪᠥᠬᠦ ᠬᠦᠴᠦᠨ ᠢᠶᠠᠷ ᠢᠶᠠᠨ | ᠠᠬᠢᠭᠤᠯᠵᠤ᠂ ᠳᠡᠭᠡᠳᠦ ᠱᠠᠲᠤᠨ ᠤ ᠬᠠᠷᠢᠭᠤ ᠲᠤᠰᠬᠠᠭᠰᠠᠨ ᠠᠰᠠᠭᠤᠳᠠᠯ ᠤᠨ ᠰᠠᠨᠠᠯ ᠢ ᠴᠠᠭ ᠲᠤᠬᠠᠶ ᠳᠤᠨᠢ ᠴᠡᠭᠴᠡᠯᠡᠨ | ᠰᠠᠶᠢᠵᠢᠷᠠᠭᠤᠯᠬᠤ ᠶᠢᠨ ᠬᠠᠮᠲᠤ ᠦᠷᠭᠦᠯᠵᠢᠯᠡᠨ ᠳᠠᠬᠢᠨ ᠪᠠᠶᠢᠴᠠᠭᠠᠵᠤ᠂ ᠠᠯᠳᠠᠭᠳᠠᠯ ᠢ ᠪᠠᠶᠢᠴᠠᠭᠠᠨ ᠳᠤᠲᠠᠭᠤ ᠶᠢ | ᠨᠥᠬᠦᠪᠥᠷᠢᠯᠡᠵᠦ᠂ ᠪᠥᠬᠦ ᠬᠦᠴᠦᠨ ᠢᠶᠠᠷ ᠢᠶᠠᠨ ᠲᠡᠭᠦᠯᠳᠡᠷᠵᠢᠭᠦᠯᠵᠦ᠂ ᠡᠭᠦᠷᠭᠡ ᠪᠠ ᠥᠪᠡᠷᠲᠡᠭᠡᠨ ᠵᠠᠰᠠᠬᠤ ᠣᠷᠣᠨ ᠤ | ᠦᠨᠡᠯᠡᠨ ᠵᠢᠱᠢᠬᠦ ᠠᠵᠢᠯ ᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ᠃ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠶᠢ ᠦᠷᠭᠦᠯᠵᠢᠯᠡᠨ ᠠᠳᠬᠤᠵᠤ᠂ ᠠᠵᠢᠯ ᠲᠥᠷᠥᠯ ᠤᠨ ᠬᠢᠯᠠᠰ ᠴᠡᠭ ᠢ ᠪᠤᠶᠢᠵᠢᠭᠤᠯᠵᠤ᠂ ᠡᠯ᠎ᠡ | ᠰᠠᠯᠠᠭ᠎ᠠ ᠮᠥᠴᠢᠷ ᠤᠨ ︽ ᠲᠦᠷᠦᠬᠦᠦ ᠭᠠᠷ︾ ᠪᠡᠶ᠎ᠡ ᠪᠠᠷ ᠢᠶᠠᠨ ᠰᠢᠨ᠎ᠡ ᠶᠢ ᠡᠭᠦᠳᠬᠦ ᠠᠵᠢᠯ ᠢ ᠱᠠᠯᠠᠪᠳᠠᠭᠤᠯᠤᠨ | ᠬᠢᠵᠦ᠂ ᠰᠢᠨ᠎ᠡ ᠶᠢ ᠡᠭᠦᠳᠬᠦ ᠬᠢᠯᠠᠰ ᠴᠡᠭ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠲᠡᠶ᠃ ᠵᠢᠯ ᠤᠨ | ᠡᠴᠦᠰ ᠲᠤ ᠥᠪᠡᠷᠲᠡᠭᠡᠨ ᠵᠠᠰᠠᠬᠤ ᠣᠷᠣᠨ ᠤ ᠦᠨᠡᠯᠡᠨ ᠵᠢᠱᠢᠯᠲᠡ ᠶᠢᠨ ᠤᠷᠢᠳᠴᠢᠯᠠᠨ ᠮᠠᠭᠠᠳᠯᠠᠯᠲᠠ ᠶᠢᠨ ᠴᠢᠨᠠᠷᠲᠠᠶ | ᠪᠡᠯᠡᠳᠬᠡᠯ ᠠᠵᠢᠯ ᠢ ᠰᠠᠶᠢᠲᠤᠷ ᠬᠢᠵᠦ᠂ ᠨᠢᠳᠤᠨᠤᠨ ᠤ ᠬᠤᠪᠢ ᠠᠯᠳᠠᠭᠰᠠᠨ ᠰᠢᠯᠲᠠᠭᠠᠨ ᠢ ᠪᠥᠬᠦ ᠲᠠᠯ᠎ᠠ ᠪᠠᠷ | ᠪᠠᠶᠢᠴᠠᠭᠠᠨ ᠳᠡᠯᠭᠡᠵᠦ᠂ ᠠᠵᠢᠯ ᠲᠥᠷᠥᠯ ᠤᠨ ᠭᠤᠤᠯᠳᠠᠯᠭ᠎ᠠ ᠲᠠᠢ ᠠᠵᠢᠯ ᠤᠨ ᠤᠳᠤᠷᠢᠳᠤᠮᠵᠢ ᠶᠢ ᠵᠠᠳᠠᠯᠵᠤ᠂ | 12345 ᠬᠠᠯᠠᠮᠰᠢᠯ ᠤᠲᠠᠰᠤᠨ ᠤ ︽ᠳᠥᠷᠪᠡᠨ ᠨᠣᠷᠮ᠎ᠠ︾ ᠶᠢ ᠦᠷᠭᠦᠯᠵᠢᠯᠡᠨ ᠳᠡᠭᠡᠭᠰᠢᠯᠡᠭᠦᠯᠵᠦ᠂ ᠠᠰᠠᠭᠤᠳᠠᠯ ᠤᠨ | ᠢᠷᠡᠯᠲᠡ ᠶᠢ ᠡᠷᠢᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠠᠨᠤᠮᠵᠢ ᠶᠢᠨ ᠬᠡᠮᠵᠢᠶ᠎ᠡ ᠶᠢ ᠪᠥᠬᠦ ᠲᠠᠯ᠎ᠠ ᠪᠠᠷ | ᠤᠷᠢᠳᠴᠢᠯᠠᠨ ᠰᠡᠷᠭᠡᠶᠢᠯᠡᠬᠦ ᠬᠡᠷᠡᠭᠲᠡᠶ ᠭᠡᠵᠡᠢ᠃ | ᠪᠥᠬᠦ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠡᠯ᠎ᠡ ᠭᠦᠢᠴᠡᠳᠭᠡᠯ ᠲᠤᠭ᠎ᠠ ᠶᠢᠨ | ᠲᠦᠷᠦᠭᠦᠯᠡᠨ ᠬᠢᠬᠦ ᠨᠢᠭᠡᠴᠡ᠂ ᠬᠠᠷᠢᠭᠤᠴᠠᠯᠭᠠᠲᠤ ᠰᠠᠯᠠᠭ᠎ᠠ ᠮᠥᠴᠢᠷ ᠨᠢᠭᠡᠴᠢ ᠶᠢᠨ ᠬᠠᠮᠢᠶ᠎ᠠ ᠪᠥᠬᠦᠶ | ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤ ᠲᠠᠯᠠᠪᠠᠶ᠂ ᠭᠠᠨᠵᠤᠭ᠎ᠠ ᠨᠡᠶᠢᠭᠡᠮ ᠲᠣᠭᠤᠷᠢᠭ ᠤᠨ ᠦᠢᠯᠡᠴᠢᠯᠡᠭᠡᠨ ᠤ | ᠲᠥᠪ ᠤᠨ ᠵᠠᠰᠠᠭ ᠵᠠᠬᠢᠷᠭᠠᠨ ᠤ ᠭᠤᠤᠯ ᠬᠠᠷᠢᠭᠤᠴᠠᠯᠭᠠᠲᠠᠨ ᠣᠷᠣᠯᠴᠠᠵᠠᠶ᠃ | |