9 ᠰᠠᠷ᠎ᠠ ᠶᠢᠨ 10 ᠤ ᠡᠳᠦᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ︽ᠰᠤᠷᠭᠠᠨ | ᠬᠥᠮᠦᠵᠢᠯ ᠤᠨ ᠬᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠢ ᠲᠦᠷᠭᠡᠳᠬᠡᠨ ᠪᠥᠲᠥᠭᠡᠨ ᠪᠠᠶᠢᠭᠤᠯᠬᠤ︾ ᠪᠠᠷ ᠭᠤᠤᠯ ᠰᠡᠳᠦᠪ ᠪᠣᠯᠭᠠᠭᠰᠠᠨ 40 ᠳ᠋ᠦ᠋ᠭᠡᠷ ᠪᠠᠭᠰᠢ ᠶᠢᠨ | ᠪᠠᠶᠠᠷ ᠢ ᠪᠡᠯᠭᠡᠯᠡᠬᠦ ᠶᠡᠭᠡ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠬᠤᠰᠢᠭᠤᠨ ᠳᠠᠷᠤᠭ᠎ᠠ ᠭᠦᠸᠧ ᠲᠢᠶᠠᠨ ᠪᠦᠦ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ | ᠤᠳᠤᠷᠢᠳᠤᠯᠭ᠎ᠠ ᠯᠢᠦ ᠸᠧᠨ ᠰᠢ᠂ ᠰᠥᠩ ᠵᠤᠷᠢᠭᠳᠤ᠂ ᠵᠠᠩ ᠳ᠋ᠠ ᠯᠢ᠂ ᠲᠡᠯᠭᠡᠷᠰᠡᠩ᠂ ᠸᠧᠨ ᠮᠢᠩ ᠬᠤᠷᠠᠯ ᠳᠤ | ᠣᠷᠣᠯᠴᠠᠵᠤ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠰᠦᠨ ᠵᠢᠶᠠᠨ ᠸᠧᠨ ᠬᠤᠷᠠᠯ ᠢ | ᠡᠷᠭᠢᠯᠡᠪᠡ᠃ | | ᠬᠤᠷᠠᠯ ᠳᠡᠭᠡᠷ᠎ᠡ᠂ ᠭᠦᠸᠧ ᠲᠢᠶᠠᠨ ᠪᠦᠦ ᠪᠥᠬᠦ ᠬᠤᠰᠢᠭᠤᠨ ᠤ ᠥᠷᠭᠡᠨ ᠣᠯᠠᠨ ᠪᠠᠭᠰᠢ ᠪᠣᠯᠤᠨ ᠰᠤᠷᠭᠠᠨ | ᠬᠥᠮᠦᠵᠢᠯ ᠤᠨ ᠠᠵᠢᠯᠲᠠᠨ ᠤ ᠰᠤᠷᠭᠠᠨ ᠬᠥᠮᠦᠵᠢᠯ ᠤᠨ ᠦᠢᠯᠡᠰ ᠤᠨ ᠳᠤᠮᠳᠠ ᠦᠵᠡᠭᠦᠯᠦᠭᠰᠡᠨ ᠴᠢᠷᠮᠠᠶᠢᠯᠭ᠎ᠠ ᠪᠣᠯᠤᠨ | ᠬᠤᠪᠢ ᠨᠡᠮᠡᠷᠢ ᠳᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠬᠦ ᠶᠢᠨ ᠬᠠᠮᠲᠤ ᠣᠯᠠᠨ ᠳᠤ ᠪᠠᠶᠠᠷ ᠤᠨ ᠡᠳᠦᠷ ᠤᠨ | ᠮᠡᠨᠳᠦᠴᠢᠯᠡᠯ ᠪᠠ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃ ᠲᠡᠷᠡ ᠵᠢᠭᠠᠵᠤ ᠭᠠᠷᠭᠠᠭᠰᠠᠨ ᠨᠢ᠂ ᠰᠤᠷᠭᠠᠨ | ᠬᠥᠮᠦᠵᠢᠯ ᠪᠣᠯ ᠤᠯᠤᠰ ᠤᠨ ᠢᠷᠡᠭᠡᠳᠦᠢ ᠪᠠ ᠦᠨᠳᠦᠰᠦᠲᠡᠨ ᠤ ᠬᠦᠰᠡᠯ ᠡᠷᠡᠮᠡᠯᠵᠡᠯ ᠮᠥᠨ᠂ ᠪᠠᠭᠰᠢ ᠶᠢᠨ ᠡᠭᠦᠷᠭᠡ | ᠬᠠᠷᠢᠭᠤᠴᠠᠯᠭ᠎ᠠ ᠬᠢᠵᠠᠭᠠᠯᠠᠰᠢ ᠦᠭᠡᠢ ᠢᠷᠠᠭᠤ ᠠᠯᠳᠠᠷᠲᠠᠢ᠂ ᠡᠭᠦᠷᠭᠡ ᠬᠠᠷᠢᠭᠤᠴᠠᠯᠭ᠎ᠠ ᠬᠢᠵᠠᠭᠠᠯᠠᠰᠢ ᠦᠭᠡᠢ ᠴᠢᠬᠤᠯᠠ | ᠶᠡᠭᠡ ᠶᠤᠮ᠃ ᠪᠥᠬᠦ ᠬᠤᠰᠢᠭᠤᠨ ᠤ ᠪᠠᠭᠰᠢ ᠨᠠᠷ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠶᠢ ᠦᠷᠭᠦᠯᠵᠢᠯᠡᠨ | ᠪᠠᠳᠠᠷᠠᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ | ᠂ ᠨᠠᠩ ᠣᠯᠠᠨ ᠰᠢᠯᠢᠳᠡᠭ ᠴᠢᠳᠠᠪᠤᠷᠢᠲᠠᠨ ᠢ ᠬᠥᠮᠦᠵᠢᠭᠦᠯᠬᠦ ᠶᠢᠨ ᠲᠥᠯᠥᠭᠡ ᠴᠢᠷᠮᠠᠶᠢᠬᠤ ᠬᠡᠷᠡᠭᠲᠡᠶ︔ ᠰᠤᠷᠤᠭᠴᠢ ᠪᠠᠷ | ᠭᠤᠣᠯ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠪᠠᠷ | ᠭᠤᠣᠯ ᠪᠣᠯᠭᠠᠵᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ | ᠠᠬᠢᠭᠤᠯᠵᠤ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠪᠡᠶᠡᠯᠡᠭᠦᠯᠬᠦ ᠪᠠ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠢ ᠪᠦᠲᠦᠭᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠪᠡ᠃ | | | ᠭᠦᠸᠧ ᠲᠢᠶᠠᠨ ᠪᠦᠦ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠥᠷᠭᠡᠨ ᠣᠯᠠᠨ ᠪᠠᠭᠰᠢ ᠪᠣᠯᠤᠨ ᠰᠤᠷᠭᠠᠨ | ᠬᠥᠮᠦᠵᠢᠯ ᠤᠨ ᠠᠵᠢᠯᠲᠠᠳ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠲᠤᠬᠠᠶ | ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠤᠷᠭᠠᠨ ᠬᠥᠮᠦᠵᠢᠯ ᠤᠨ ᠬᠢᠨ ᠤ ᠵᠣᠷᠢᠭ | ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠪᠥᠬᠦ ᠨᠡᠶᠢᠭᠡᠮ ᠢᠶᠠᠷ ᠢᠶᠠᠨ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ | ᠴᠢᠬᠤᠯᠠᠴᠢᠯᠠᠬᠤ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠶ ᠪᠣᠶ ᠪᠣᠯᠭᠠᠵᠤ᠂ ᠰᠤᠷᠭᠠᠨ ᠬᠥᠮᠦᠵᠢᠯ ᠤᠨ | ᠬᠦᠴᠦᠷᠬᠡᠭ ᠬᠤᠰᠢᠭᠤᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ ᠰᠦᠷ ᠳᠠᠯᠠᠶᠢᠴᠠᠲᠠᠶ ᠬᠦᠴᠦᠨ ᠢ | ᠨᠢᠭᠲᠠᠷᠠᠭᠤᠯᠬᠤ ᠬᠡᠷᠡᠭᠲᠡᠶ᠃ ᠡᠷᠳᠡᠮ ᠮᠡᠳᠡᠯᠭᠡ ᠶᠢᠨ ᠰᠠᠭᠤᠷᠢ ᠶᠢ ᠪᠠᠬᠢᠵᠢᠭᠦᠯᠵᠦ᠂ ᠰᠤᠷᠤᠭᠴᠢᠳ ᠤᠨ ᠴᠢᠳᠠᠪᠤᠷᠢᠲᠠᠨ | ᠪᠣᠯᠬᠤ ᠳᠠᠭᠠᠭᠤᠯᠤᠭᠴᠢ ᠪᠣᠯᠵᠣ᠂ ᠡᠨᠡᠷᠢᠩᠭᠦᠶ ᠰᠡᠳᠬᠢᠯ ᠢ ᠪᠠᠷᠢᠮᠲᠠᠯᠠᠵᠤ᠂ ᠰᠤᠷᠤᠭᠴᠢᠳ ᠤᠨ ᠠᠮᠢᠳᠤᠷᠠᠯ ᠤᠨ | ᠠᠶᠠᠯᠠᠯ ᠤᠨ ᠵᠠᠮ ᠤᠨ ᠰᠡᠩᠬᠡᠷᠡᠭᠦᠯᠦᠯ ᠪᠣᠯᠬᠤ ᠬᠡᠷᠡᠭᠲᠡᠶ᠃ ᠦᠭᠡ ᠳᠠᠭᠤᠨ ᠦᠭᠡᠢ ᠪᠠᠷ ᠴᠢᠷᠮᠠᠶᠢᠨ ᠠᠵᠢᠯᠯᠠᠬᠤ᠂ | ᠬᠠᠷᠠᠮ ᠦᠭᠡᠢ ᠵᠣᠷᠢᠭᠤᠯᠬᠤ᠂ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ᠂ ᠰᠢᠷᠭᠠᠭᠤ ᠬᠠᠲᠠᠭᠤᠵᠢᠯᠲᠠᠢ ᠰᠤᠳᠤᠯᠬᠤ | ᠰᠢᠯᠢᠳᠡᠭ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠪᠣᠯᠣᠨ ᠪᠢᠴᠢᠭ | ᠵᠢᠭᠠᠵᠤ ᠬᠥᠮᠦᠨ ᠢ ᠬᠥᠮᠦᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠪᠣᠯᠣᠨ ᠠᠷᠠᠳ | ᠲᠦᠮᠡᠨ ᠤ ᠰᠡᠳᠬᠢᠯ ᠬᠠᠨᠤᠮᠵᠢᠲᠠᠢ ᠰᠠᠶᠢᠨ ᠪᠠᠭᠰᠢ ᠪᠣᠯᠬᠤ ᠪᠠᠷ ᠴᠢᠷᠮᠠᠶᠢᠬᠤ ᠬᠡᠷᠡᠭᠲᠡᠢ᠃ ᠠᠷᠠᠳ ᠲᠦᠮᠡᠨ ᠳᠤ | ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠳᠤ ᠡᠭᠦᠷᠭᠡ ᠬᠠᠷᠢᠭᠤᠴᠠᠯᠭ᠎ᠠ ᠡᠷᠬᠢᠮ ᠳᠡᠭᠡᠳᠦ᠂ | ᠬᠠᠷᠢᠭᠤᠴᠠᠯᠭ᠎ᠠ ᠬᠦᠨᠳᠦ ᠶᠡᠭᠡ ᠶᠤᠮ᠃ ᠡᠯ᠎ᠡ ᠰᠤᠷᠭᠠᠭᠤᠯᠢ ᠨᠤᠭᠤᠳ ᠨᠠᠮ ᠤᠨ ᠰᠤᠷᠭᠠᠨ ᠬᠥᠮᠦᠵᠢᠯ ᠤᠨ | ᠠᠵᠢᠯ ᠳᠠᠬᠢ ᠬᠠᠷᠢᠴᠠᠯᠠᠰᠢᠭᠦᠶ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠨᠠᠮ ᠢ ᠪᠥᠬᠦ ᠲᠠᠯ᠎ᠠ ᠪᠠᠷ ᠴᠢᠩᠭ᠎ᠠ | ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ | ᠲᠠᠯᠪᠢᠵᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠦᠨᠡᠨ ᠬᠦ ᠴᠢᠩᠭᠠᠳᠬᠠᠨ᠂ ᠪᠠᠭᠰᠢ ᠶᠢᠨ ᠲᠤᠰᠬᠠᠶ | ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠨᠠᠷᠢᠯᠢᠭ ᠣᠨᠣᠴᠠᠲᠠᠶ ᠪᠠᠷ ᠪᠣᠯᠪᠠᠰᠤᠷᠠᠭᠤᠯᠬᠤ ᠳᠡᠭᠡᠷ᠎ᠡ ᠬᠦᠴᠦ | ᠲᠠᠯᠪᠢᠵᠤ᠂ ᠰᠤᠷᠭᠠᠭᠤᠯᠢ ᠡᠷᠭᠢᠯᠡᠵᠦ ᠰᠤᠷᠭᠠᠭᠤᠯᠢ ᠶᠢ ᠵᠠᠰᠠᠬᠤ ᠪᠠ ᠪᠢᠴᠢᠭ ᠵᠢᠭᠠᠵᠤ ᠬᠥᠮᠦᠨ ᠢ ᠬᠥᠮᠦᠵᠢᠭᠦᠯᠬᠦ | ᠴᠢᠳᠠᠪᠤᠷᠢ ᠶᠢ ᠳᠡᠭᠡᠭᠰᠢᠯᠡᠭᠦᠯᠦᠨ᠂ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ | ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠨᠠᠩ ᠣᠯᠠᠨ ᠪᠥᠲᠥᠭᠡᠨ ᠪᠠᠶᠢᠭᠤᠯᠤᠭᠴᠢ ᠪᠠ | ᠵᠠᠯᠭᠠᠮᠵᠢᠯᠠᠭᠴᠢ ᠶᠢ ᠴᠢᠷᠮᠠᠶᠢᠨ ᠬᠥᠮᠦᠵᠢᠭᠦᠯᠬᠦ ᠬᠡᠷᠡᠭᠲᠡᠶ ᠭᠡᠵᠡᠢ᠃ | | ᠶᠡᠭᠡ ᠬᠤᠷᠠᠯ ᠠᠴᠠ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠮᠠᠨ ᠤ ᠬᠤᠰᠢᠭᠤᠨ ᠤ ᠲᠦᠩᠯᠢᠶᠣᠤ ᠬᠤᠲᠠ ᠶᠢᠨ ᠨᠠᠷᠠᠲᠤ ᠰᠤᠷᠭᠠᠭᠤᠯᠢ ᠶᠢᠨ | ᠵᠠᠬᠢᠷᠤᠯ᠂ ᠨᠠᠷᠠᠲᠤ ᠠᠩᠭᠢ ᠶᠢᠨ ᠡᠷᠬᠢᠯᠡᠭᠴᠢ᠂ ᠨᠠᠷᠠᠲᠤ ᠪᠠᠭᠰᠢ ᠵᠢᠴᠢ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠤ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠤᠨ ᠲᠥᠯᠥᠭᠡᠯᠡᠭᠴᠢᠳ ᠲᠤ ᠦᠨᠡᠮᠯᠡᠯ ᠣᠯᠭᠤᠪᠠ᠃ | ᠰᠤᠷᠭᠠᠭᠤᠯᠢ ᠶᠢᠨ ᠵᠠᠬᠢᠷᠤᠯ ᠪᠣᠯᠤᠨ ᠪᠠᠭᠰᠢ ᠶᠢᠨ ᠲᠥᠯᠥᠭᠡᠯᠡᠭᠴᠢ ᠲᠠᠶᠢᠰᠠᠨ ᠳᠤ ᠭᠠᠷᠴᠤ ᠶᠠᠷᠢᠶ᠎ᠠ ᠲᠠᠯᠪᠢᠪᠠ᠃ | | ᠬᠤᠷᠠᠯ ᠤᠨ ᠬᠤᠭᠤᠴᠠᠭᠠᠨ ᠳᠤ᠂ ︽ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠰᠦᠭ ᠰᠦᠨᠡᠰᠦ ᠶᠢ ᠱᠤᠭᠤᠵᠤ᠂ | ᠦᠨᠳᠦᠰᠦ ᠰᠠᠭᠤᠷᠢ ᠪᠠᠨ ᠴᠢᠩᠭᠠᠳᠬᠠᠨ ᠦᠷᠭᠦᠯᠵᠢᠯᠡᠨ ᠲᠡᠮᠡᠴᠡᠵᠦ ᠰᠢᠨ᠎ᠡ ᠬᠠᠭᠤᠳᠠᠰᠤ ᠶᠢ ᠪᠢᠴᠢᠭᠯᠡᠶ᠎ᠡ︾ ᠭᠡᠬᠦ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ 40 ᠳ᠋ᠤᠭᠡᠷ ᠪᠠᠭᠰᠢ ᠶᠢᠨ ᠪᠠᠶᠠᠷ ᠢ ᠪᠡᠯᠭᠡᠯᠡᠬᠦ ᠬᠠᠷᠢᠭᠤ | ᠮᠡᠳᠡᠭᠦᠯᠦᠯᠲᠡ ᠶᠢᠨ ᠲᠣᠭᠯᠠᠯᠲᠠ ᠭᠠᠷᠭᠠᠪᠠ᠃ ᠲᠣᠭᠯᠠᠯᠲᠠ ᠳᠤ᠂ ᠭᠠᠨᠵᠤᠭ᠎ᠠ ᠨᠢᠭᠡᠳᠦᠭᠡᠷ ᠳᠡᠭᠡᠳᠦ ᠵᠡᠷᠭᠡ ᠶᠢᠨ | ᠳᠤᠮᠳᠠᠳᠤ ᠰᠤᠷᠭᠠᠭᠤᠯᠢ᠂ ᠭᠠᠨᠵᠤᠭ᠎ᠠ ᠬᠤᠶᠠᠳᠤᠭᠠᠷ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ᠂ ᠬᠤᠰᠢᠭᠤᠨ ᠤ | ᠲᠤᠷᠰᠢᠯᠲᠠ ᠶᠢᠨ ᠪᠠᠭ᠎ᠠ ᠰᠤᠷᠭᠠᠭᠤᠯᠢ ᠵᠡᠷᠭᠡ ᠰᠤᠷᠭᠠᠭᠤᠯᠢ ᠶᠢᠨ ᠬᠡᠰᠡᠭ ᠪᠠᠭᠰᠢ ᠰᠤᠷᠤᠭᠴᠢᠳ ᠲᠠᠭᠤᠤ ︽ᠤᠭᠠᠯᠵᠠᠨ | ᠡᠮᠡᠭᠡᠯ︾᠂ ᠪᠥᠵᠢᠭ ︽ᠳᠤᠮᠳᠠᠳᠤ ᠪᠠᠨ ᠬᠠᠶᠢᠷᠠᠯᠠᠨ᠎ᠠ︾᠂ ᠰᠢᠯᠦᠭ ︽ᠪᠢ ᠡᠬᠡ ᠤᠯᠤᠰ ᠢᠶᠠᠨ ᠬᠠᠶᠢᠷᠠᠯᠠᠨ᠎ᠠ︾᠂ | ᠭᠤᠴᠤᠯᠠᠯ ᠲᠠᠭᠤᠤ ︽ᠪᠢ ᠪᠣᠯ ᠪᠢᠴᠢᠬᠠᠨ ᠭᠤᠣᠯ ᠮᠥᠨ︾ ᠭᠡᠬᠦ ᠲᠤᠭᠯᠠᠯᠳᠠ ᠭᠠᠷᠭᠠᠵᠤ᠂ ᠲᠤᠬᠠᠢ ᠶᠢᠨ | ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠤᠯᠪᠠ᠃ | | |