︽ᠬᠤᠲᠠ ᠶᠢᠨ ᠬᠠᠮᠢᠶᠠᠷᠤᠯᠲᠠ ᠶᠢᠨ ᠨᠡᠢᠭᠡᠮ ᠲᠣᠭᠤᠷᠢᠭ ᠤᠨ ᠠᠵᠢᠯᠯᠠᠬᠤ ᠥᠷᠲᠡᠭᠡ︾ ᠶᠢ ᠪᠠᠢᠭᠤᠯᠵᠤ ᠬᠠᠮᠢᠶᠠᠷᠤᠯᠲᠠ ᠶᠢᠨ ᠬᠢᠷᠢ  ᠲᠦᠪᠰᠢᠨ ᠢ  ᠲᠡᠭᠡᠭᠰᠢᠯᠡᠬᠦᠯᠪᠡ
ᠨᠡᠶᠢᠲᠡᠯᠡᠭᠰᠡᠨ ᠴᠠᠭ᠄
2024/9/14
    ᠳᠦᠷᠢᠮ ᠲᠣᠭᠲᠠᠴᠠ ᠶᠢ ᠲᠡᠬᠦᠯᠳᠡᠷᠵᠢᠬᠦᠯᠪᠡ᠃ ᠬᠤᠲᠠ ᠶᠢᠨ ᠬᠠᠮᠢᠶᠠᠷᠤᠯᠲᠠ᠂ ᠨᠡᠶᠢᠭᠡᠮ ᠲᠣᠭᠤᠷᠢᠭ᠂ ᠠᠳᠠᠯ ᠠᠬᠤᠶ᠂ ᠥᠮᠴᠢᠲᠡᠨ ᠳᠥᠷᠪᠡᠨ ᠲᠠᠯ᠎ᠠ ᠪᠠᠷ ᠢᠶᠠᠨ ᠵᠥᠪᠳᠡᠯᠴᠡᠨ ᠵᠥᠪᠯᠡᠬᠦ ᠲᠣᠭᠲᠠᠴᠠ ᠶᠢ ᠪᠠᠶᠢᠭᠤᠯᠵᠤ᠂ ᠤᠷᠢᠳᠴᠢᠯᠠᠨ ᠵᠣᠯᠭᠠᠭᠤᠯᠬᠤ ᠬᠠᠷᠢᠭᠤᠴᠠᠯᠭ᠎ᠠ ᠶᠢᠨ ᠲᠦᠷᠢᠮ᠂ ᠲᠥᠪᠯᠡᠷᠡᠭᠦᠯᠦᠨ ᠵᠥᠪᠳᠡᠯᠴᠡᠬᠦ ᠲᠦᠷᠢᠮ᠂ ᠬᠠᠷᠢᠭᠤᠴᠠᠯᠭ᠎ᠠ ᠨᠡᠬᠡᠮᠵᠢᠯᠡᠬᠦ ᠲᠦᠷᠢᠮ᠂ ᠬᠤᠯᠪᠣᠭ᠎ᠠ ᠠᠪᠴᠤ ᠬᠤᠯᠪᠣᠭᠠᠯᠠᠨ ᠬᠥᠳᠡᠯᠦᠯᠴᠡᠬᠦ ᠲᠦᠷᠢᠮ ᠵᠡᠷᠭᠡ  ᠪᠠᠷ ᠳᠠᠮᠵᠢᠭᠤᠯᠤᠨ᠂ ᠬᠠᠤᠯᠢ ᠴᠠᠭᠠᠵᠠ᠂ ᠬᠠᠮᠢᠶᠠᠷᠤᠯᠲᠠ᠂ ᠦᠢᠯᠡᠴᠢᠯᠡᠭᠡ᠂ ᠬᠠᠤᠯᠢ ᠬᠡᠷᠡᠭᠵᠢᠭᠦᠯᠬᠦ ︽ᠳᠥᠷᠪᠡ ᠶᠢ ᠨᠡᠶᠢᠭᠡᠮ ᠲᠣᠭᠤᠷᠢᠭ ᠲᠤ ᠣᠷᠣᠭᠤᠯᠬᠤ︾ ᠶᠢ ᠠᠬᠢᠭᠤᠯᠪᠠ᠃ ᠣᠳᠣᠬᠠᠨ ᠪᠣᠯᠲᠠᠯ᠎ᠠ᠂ ︽ᠳᠥᠷᠪᠡ ᠶᠢ ᠣᠷᠣᠭᠤᠯᠬᠤ︾ ᠠᠵᠢᠯᠯᠠᠭ᠎ᠠ ᠶᠢ 10 ᠭᠠᠷᠤᠶ ᠤᠳᠠᠭ᠎ᠠ ᠥᠷᠨᠢᠭᠦᠯᠵᠦ᠂ ᠰᠠᠭᠤᠭᠠᠯᠢ ᠠᠷᠠᠳ ᠤᠨ ᠲᠤᠰᠬᠠᠭᠰᠠᠨ 15 ᠠᠰᠠᠭᠤᠳᠠᠯ ᠢ ᠰᠢᠢᠳᠪᠦᠷᠢᠯᠡᠪᠡ᠃    ᠣᠨᠴᠠᠯᠢᠭᠲᠤ ᠨᠡᠷᠡᠲᠦ ᠲᠡᠮᠳᠡᠭ ᠢ  ᠡᠬᠦᠳᠪᠡ᠃ ᠨᠠᠮ ᠤᠨ ᠡᠭᠦᠷ ᠢᠶᠠᠷ ᠵᠢᠯᠣᠭᠤᠳᠤᠮᠵᠢ ᠪᠣᠯᠭᠠᠵᠤ᠂ ᠨᠡᠶᠢᠭᠡᠮ ᠲᠣᠭᠤᠷᠢᠭ ᠲᠤ ᠲᠣᠮᠢᠯᠠᠨ ᠰᠠᠭᠤᠯᠭᠠᠭᠰᠠᠨ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠳᠤᠮᠳᠠ ᠠᠩᠭᠢ ᠶᠢᠨ ᠬᠦᠴᠦᠨ ᠢ ᠰᠢᠮᠡᠳᠭᠡᠨ᠂ ︽ᠬᠤᠲᠠ ᠶᠢᠨ ᠬᠠᠮᠢᠶᠠᠷᠤᠯᠲᠠ ᠶᠢᠨ ᠬᠥᠬᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ︾ ᠶᠢ ᠪᠠᠶᠢᠭᠤᠯᠵᠤ᠂ ︽ᠨᠢᠭᠡ ᠨᠠᠷᠠᠲᠤ ᠲᠡᠮᠳᠡᠭᠲᠦ ᠶᠢᠨ ᠠᠭᠤᠯᠤᠭᠳᠠᠬᠤᠨ᠂ ᠨᠢᠭᠡ ᠬᠡᠷᠡᠭᠵᠢᠭᠦᠯᠬᠦ ᠲᠥᠰᠦᠯ᠂ ᠨᠠᠢᠮᠠᠨ ᠬᠤᠪᠢᠶᠠᠷᠢ ᠠᠷᠭ᠎ᠠ ᠬᠡᠮᠵᠢᠶ᠎ᠡ︾ ᠶᠢᠨ ︽1 + 1 + 8︾ ᠨᠠᠮ ᠤᠨ ᠲᠤᠭ ᠤᠨ ᠤᠯᠠᠭᠠᠨ  ᠦᠢᠯᠡᠴᠢᠯᠡᠭᠡᠨ ᠤ ᠨᠠᠷᠠᠲᠤ ᠲᠡᠮᠳᠡᠭᠲᠦ ᠶᠢ ᠡᠭᠦᠳᠦᠨ ᠪᠠᠶᠢᠭᠤᠯᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠲᠠᠰ ᠳᠡᠪᠰᠢᠬᠦ ᠶᠢ ᠠᠬᠢᠭᠤᠯᠪᠠ᠃    ᠠᠵᠢᠯ ᠤᠨ ᠬᠡᠪ ᠵᠠᠭᠪᠤᠷ ᠢ  ᠰᠢᠯᠢᠳᠡᠭᠵᠢᠬᠦᠯᠪᠡ᠃ ︽ᠲᠣᠭᠤᠷᠢᠭ ᠰᠢᠷᠡᠭᠡᠨ ᠤ ᠶᠠᠷᠢᠯᠴᠠᠭ᠎ᠠ︾ ᠪᠠᠷ ᠳᠠᠮᠵᠢᠭᠤᠯᠤᠨ ᠲᠣᠭᠲᠠᠮᠠᠯ ᠬᠤᠭᠤᠴᠠᠭ᠎ᠠ ᠲᠠᠢ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠰᠠᠭᠤᠭᠠᠯᠢ ᠠᠷᠠᠳ ᠤᠨ ᠲᠥᠯᠥᠭᠡᠯᠡᠭᠴᠢ ᠶᠢ ᠤᠷᠢᠵᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠭᠤᠯᠵᠤ᠂ ᠰᠠᠭᠤᠭᠠᠯᠢ ᠠᠷᠠᠳ ᠤᠨ ᠦᠨᠳᠦᠰᠦᠨ ᠱᠠᠲᠤᠨ ᠤ ᠵᠠᠰᠠᠯᠲᠠ ᠳᠤ ᠣᠷᠣᠯᠴᠠᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠨᠡᠶᠢᠲᠡ 30 ᠭᠠᠷᠤᠶ ᠰᠠᠭᠤᠭᠠᠯᠢ ᠠᠷᠠᠳ ᠢ ᠭᠥᠯᠢᠶᠡᠨ ᠠᠪᠴᠤ᠂ 20 ᠰᠠᠨᠠᠯ ᠰᠠᠨᠠᠭᠤᠯᠭ᠎ᠠ᠂ ᠭᠤᠮᠣᠳᠠᠯ ᠱᠠᠭᠠᠷᠳᠠᠯᠭ᠎ᠠ ᠶᠢ ᠭᠥᠯᠢᠶᠡᠨ ᠠᠪᠴᠤ ᠰᠢᠢᠳᠪᠦᠷᠢᠯᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号