ᠭᠠᠨᠵᠤᠭ᠎ᠠ ᠪᠠᠯᠭᠠᠰᠤ ᠠᠵᠤ ᠦᠢᠯᠡᠰ ᠤᠨ ᠬᠥᠭᠵᠢᠯᠲᠡ ᠶᠢ ᠠᠳᠬᠤᠵᠤ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠪᠠ
ᠨᠡᠶᠢᠲᠡᠯᠡᠭᠰᠡᠨ ᠴᠠᠭ᠄
2024/9/14
   ᠲᠠᠷᠢᠶᠠᠯᠠᠩ ᠤᠨ ᠬᠥᠭᠵᠢᠯᠲᠡ  ᠶᠢ ᠲᠣᠭᠲᠠᠭᠤᠨ ᠤ ᠲᠤᠮᠳᠠ ᠶᠠᠰᠤ ᠴᠢᠨᠠᠷ ᠢ ᠲᠡᠭᠡᠭᠰᠢᠯᠡᠬᠦᠯᠪᠡ᠃ ᠭᠦᠶᠦᠭᠡᠨ ᠪᠤᠯᠠᠵᠤ ᠳᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠢ ᠪᠥᠬᠦ ᠬᠦᠴᠦᠨ ᠢᠶᠠᠷ ᠢᠶᠠᠨ ᠳᠡᠯᠭᠡᠷᠡᠭᠦᠯᠵᠦ᠂ ᠬᠡᠷᠡᠭᠵᠢᠭᠦᠯᠦᠭᠰᠡᠨ ᠲᠠᠯᠠᠪᠠᠶ 6.2 ᠲᠦᠮᠡᠨ ᠮᠥ ᠳᠤ ᠬᠦᠷᠴᠦ᠂ ᠭᠦᠶᠦᠭᠡᠨ ᠪᠤᠯᠠᠵᠤ ᠳᠤᠰᠤᠯᠭᠠᠨ ᠤᠰᠤᠯᠠᠬᠤ ᠮᠡᠷᠭᠡᠵᠢᠯ ᠤᠨ ᠲᠤᠬᠠᠶ ᠶᠢᠨ ᠭᠠᠵᠠᠷ ᠤᠨ ᠬᠤᠷᠠᠯ 4 ᠤᠳᠠᠭ᠎ᠠ ᠬᠤᠷᠠᠯᠳᠤᠭᠤᠯᠪᠠ᠃ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠲᠥᠷᠥᠯ  ᠵᠦᠢᠯ ᠢ 3669 ᠮᠥ᠂ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠲᠥᠷᠥᠯ  ᠵᠦᠢᠯ ᠢ 7979 ᠮᠥ᠂ ᠰᠢᠷ᠎ᠠ ᠪᠤᠷᠴᠠᠭ ᠡᠷᠳᠡᠨᠢ ᠰᠢᠰᠢ ᠶᠢ ᠨᠡᠶᠢᠯᠡᠭᠦᠯᠦᠨ ᠳᠠᠷᠢᠬᠤ ᠲᠠᠯᠠᠪᠠᠶ 9923 ᠮᠥ ᠪᠠᠶᠢᠵᠤ᠂ ᠪᠥᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠪᠡ᠃    ᠠᠯᠠᠰᠢᠨ ᠦᠬᠡᠷ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠭᠡᠪᠡ᠃ ᠠᠯᠠᠰᠢᠨ ᠦᠬᠡᠷ ᠤᠨ ᠠᠵᠤ ᠦᠢᠯᠡᠰ ᠤᠨ ᠲᠠᠰᠤᠷᠠᠯᠲᠠ ᠥᠬᠡᠶ ᠬᠥᠭᠵᠢᠨ ᠪᠤᠵᠠᠭᠠᠶᠢᠷᠠᠬᠤ ᠶᠢ ᠠᠬᠢᠭᠤᠯᠵᠤ᠂ ᠠᠯᠠᠰᠢᠨ ᠦᠬᠡᠷ ᠤᠨ ᠲᠤᠭ᠎ᠠ 17.3 ᠲᠦᠮᠡ ᠳᠤ ᠬᠦᠷᠴᠦ᠂ 4.3 ᠲᠦᠮᠡ ︵ᠡᠭᠦᠨ ᠳᠤ ᠪᠣᠷᠳᠣᠨ ᠲᠠᠷᠭᠤᠯᠠᠭᠤᠯᠤᠭᠰᠠᠨ ᠦᠬᠡᠷ ᠤᠨ ᠭᠠᠷᠭᠠᠯᠲᠠ 3.3 ᠲᠦᠮᠡ︶ ᠳᠤ ᠬᠦᠷᠪᠡ᠃ ᠪᠠᠷᠢᠮᠵᠢᠶᠠᠵᠢᠭᠰᠠᠨ ᠭᠡᠷ ᠪᠦᠯᠢ ᠶᠢᠨ ᠮᠠᠯᠵᠢᠯ ᠤᠨ ᠲᠠᠯᠠᠪᠠᠢ 7᠂ ᠪᠤᠷᠳᠤᠭᠠᠨ ᠦᠬᠡᠷ ᠤᠨ ᠲᠤᠰᠬᠠᠢ ᠭᠠᠴᠠᠭ᠎ᠠ 3᠂ ᠮᠢᠩᠭᠠᠨ ᠲᠤᠯᠤᠭᠠᠢ ᠦᠬᠡᠷ ᠪᠤᠷᠳᠤᠬᠤ ᠲᠠᠯᠠᠪᠠᠢ 1᠂ ᠲᠦᠮᠡᠨ ᠲᠤᠯᠤᠭᠠᠢ ᠦᠬᠡᠷ  ᠪᠤᠷᠳᠤᠬᠤ ᠰᠠᠭᠤᠷᠢᠨ ᠭᠠᠵᠠᠷ 1  ᠪᠠᠶᠢᠭᠤᠯᠪᠠ ᠃    ᠠᠵᠤ ᠦᠢᠯᠡᠰ ᠤᠨ ᠲᠥᠷᠥᠯ ᠵᠦᠢᠯ ᠢ ᠥᠨᠳᠥᠷ ᠪᠦᠲᠦᠮᠵᠢᠲᠡᠶ ᠪᠠᠷ ᠠᠬᠢᠭᠤᠯᠪᠠ᠃ ᠬᠤᠯᠪᠣᠭ᠎ᠠ ᠪᠣᠷᠳᠤᠭ᠎ᠠ ᠪᠣᠯᠪᠠᠰᠤᠷᠠᠭᠤᠯᠬᠤ ᠦᠢᠯᠡᠳᠪᠦᠷᠢ ᠶᠢᠨ ᠲᠥᠷᠥᠯ ᠵᠦᠢᠯ ᠢ ᠲᠠᠭᠤᠰᠬᠠᠨ ᠠᠩᠬ᠎ᠠ ᠠᠯᠬᠤᠮ ᠰᠢᠯᠭᠠᠨ ᠠᠪᠬᠤ ᠶᠢ ᠪᠡᠶᠡᠯᠡᠭᠦᠯᠵᠦ᠂ ᠰᠢᠨ ᠱᠧᠩ ᠳᠦᠨ ᠲᠣᠰᠬᠤᠨ ᠤ ᠣᠷᠭᠠᠨᠢᠭ ᠪᠠᠭᠠᠰᠤ ᠪᠣᠷᠳᠣᠭᠤᠷ ᠤᠨ ᠪᠣᠬᠢᠷᠲᠤᠯ ᠢ ᠰᠢᠢᠳᠪᠦᠷᠢᠯᠡᠬᠦ ᠦᠢᠯᠡᠳᠪᠦᠷᠢ ᠶᠢᠨ ᠲᠥᠷᠥᠯ ᠵᠦᠢᠯ ᠵᠢᠱᠢᠯᠲᠡ ᠪᠠᠷ 9 ᠰᠠᠷ᠎ᠠ ᠶᠢᠨ ᠰᠡᠭᠦᠯᠴᠢ ᠪᠠᠷ ᠪᠠᠷᠢᠯᠭ᠎ᠠ ᠳᠠᠭᠤᠰᠴᠤ ᠰᠢᠯᠭᠠᠨ ᠠᠪᠴᠤ᠂ ᠬᠠᠷᠠᠤᠰᠤ ᠲᠡᠵᠢᠭᠡᠨ ᠦᠷᠡᠵᠢᠭᠦᠯᠬᠦ ᠲᠣᠭᠤᠷᠢᠭ᠂ ᠬᠤᠵᠢᠷ ᠢᠳᠡᠰᠢᠨ ᠨᠣᠭᠤᠭ᠎ᠠ ᠶᠢᠨ ᠬᠦᠯᠡᠮᠵᠢ᠂  ᠬᠠᠶᠢᠰᠤᠭᠠᠢ ᠦᠬᠡᠷ ᠤᠨ ᠪᠤᠷᠴᠠ ᠪᠤᠯᠪᠠᠰᠤᠷᠠᠭᠤᠯᠬᠤ ᠦᠢᠯᠡᠳᠪᠦᠷᠢ ᠶᠢ ᠠᠮᠵᠢᠯᠲᠠ ᠲᠠᠢ ᠰᠡᠷᠭᠦᠭᠡᠵᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠦᠷᠭᠦᠯᠵᠢᠯᠡᠨ ᠪᠤᠵᠠᠭᠠᠶᠢᠷᠠᠭᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号